ᠪᠠᠶᠢᠭᠠᠯᠢ ᠶᠢᠨ ᠡᠬᠢ ᠪᠠᠶᠠᠯᠢᠭ
ᠨᠡᠶᠢᠲᠡᠯᠡᠭᠰᠡᠨ ᠴᠠᠭ᠄
2018-11-26
     ᠭᠠᠵᠠᠷ ᠰᠢᠷᠥᠢ ᠶᠢᠨ ᠡᠬᠢ ᠪᠠᠶᠠᠯᠢᠭ      ᠬᠠᠶᠢᠷᠤᠪ ᠤᠨ ᠲᠤᠬᠤᠢ ᠲᠤᠭᠤᠷᠢᠭ ᠤᠨ ᠶᠡᠷᠥᠩᠬᠡᠢ ᠲᠠᠯᠠᠪᠠᠢ ᠨᠢ 529 ᠲᠡᠭᠰᠢ ᠳᠦᠷᠪᠡᠯᠵᠢᠨ ᠺᠢᠯᠦᠮᠧᠲᠷ᠂ ᠡᠭᠦᠨ ᠳᠤ ᠲᠠᠷᠢᠶᠠᠨ ᠭᠠᠵᠠᠷ ᠤᠨ ᠲᠠᠯᠠᠪᠠᠢ ᠨᠢ 2250 ᠡᠾᠧᠷᠲ᠋ᠠᠷ᠂ ᠤᠢ ᠰᠢᠭᠤᠢ ᠶᠢᠨ ᠲᠠᠯᠠᠪᠠᠢ ᠨᠢ 5607 .9 ᠡᠾᠧᠺᠲ᠋ᠠᠷ ︵ᠨᠤᠴᠤᠭᠠᠨ᠎ᠠ ᠶᠢᠨ ᠤᠰᠤᠯᠠᠯᠲᠠ ᠤᠷᠤᠨ ᠢ ᠪᠠᠭᠲᠠᠭᠠᠨ᠎ᠠ︶᠂  ᠡᠪᠡᠰᠦ ᠪᠡᠯᠴᠡᠭᠡᠷ ᠤᠨ ᠲᠠᠯᠠᠪᠠᠢ ᠨᠢ 1.4 ᠲᠦᠮᠡᠨ ᠡᠾᠧᠺᠲ᠋ᠠᠷ᠂ ︵ᠡᠭᠦᠨ ᠳᠤ ᠬᠡᠷᠡᠭᠡᠯᠵᠦ ᠪᠤᠯᠬᠤ ᠲᠠᠯᠠᠪᠠᠢ ᠨᠢ 1.2 ᠲᠦᠮᠡᠨ ᠡᠾᠧᠺᠲ᠋ᠠᠷ︶᠂ ᠪᠠᠶᠢᠭᠤᠯᠵᠦ ᠳᠠᠭᠤᠰᠤᠭᠰᠡᠨ ᠲᠠᠯᠠᠪᠠᠢ ᠨᠢ 18 ᠲᠡᠭᠰᠢ ᠳᠦᠷᠪᠡᠯᠵᠢᠨ ᠺᠢᠯᠤᠮᠧᠲᠷ᠃      ᠠᠭᠤᠷᠬᠠᠢ ᠶᠢᠨ ᠡᠬᠢ ᠪᠠᠶᠠᠯᠢᠭ      ᠬᠠᠶᠢᠷᠤᠪ ᠤᠨ ᠲᠤᠬᠤᠢ ᠲᠤᠭᠤᠷᠢᠭ ᠤᠨ ᠬᠢᠯᠢ ᠳᠤᠲᠤᠷ᠎ᠠ ᠡᠯᠪᠡᠭ ᠳᠡᠯᠪᠡᠭ ᠠᠭᠤᠷᠬᠠᠢ ᠶᠢᠨ ᠡᠬᠢ ᠪᠠᠶᠠᠯᠢᠭ ᠡᠭᠤᠯᠤᠭᠳᠠᠵᠦ ᠪᠠᠶᠢᠨ᠎ᠠ᠃ ᠨᠢᠭᠡᠨᠲᠡ ᠬᠠᠶᠢᠨ ᠢᠯᠡᠷᠡᠭᠦᠯᠦᠭᠰᠡᠨ ᠪᠦᠭᠡᠳ ᠮᠠᠯᠲᠠᠵᠦ ᠪᠣᠯᠬᠤ ᠦᠷᠳᠡᠭ ᠲᠠᠢ  ᠠᠭᠤᠷᠬᠠᠢ ᠎ ᠶᠢᠨ ᠭᠠᠷᠤᠯᠲᠠ ᠳᠤᠲᠤᠷ᠎ᠠ ᠡᠨᠧᠷᠬᠢ ᠶᠢᠨ ᠲᠦᠯᠡᠰᠢ᠂ ᠬᠢᠮᠢ ᠶᠢᠨ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠳᠤ ᠬᠡᠷᠡᠭᠰᠡᠬᠦ ᠶᠡᠷᠤᠩᠬᠡᠶᠢᠯᠡᠭᠰᠡᠨ ᠴᠢᠨᠠᠷ ᠲᠠᠢ ᠢᠵᠢ ᠪᠦᠷᠢᠳᠦᠭᠦᠯᠦᠭᠰᠡᠨ ᠠᠭᠤᠷᠬᠠᠢ ᠶᠢᠨ ᠡᠬᠢ ᠪᠠᠶᠠᠯᠢᠭ 37 ᠵᠤᠶᠢᠯ ᠪᠠᠶᠢᠵᠦ᠂ ᠨᠢᠭᠡᠨᠲᠡ ᠲᠤᠳᠥᠯᠠᠭᠰᠠᠨ ᠬᠦᠳᠡᠷ ᠤᠨ ᠬᠡᠪᠳᠡᠰᠢ᠂ ᠬᠦᠳᠡᠷᠵᠢᠬᠦ ᠴᠡᠭ 100 ᠢᠯᠡᠭᠦᠦ ᠭᠠᠵᠠᠷ ᠪᠠᠶᠢᠵᠦ᠂ ᠨᠢᠭᠡᠨ ᠪᠦᠲᠦᠭᠡᠨ ᠪᠠᠶᠢᠭᠤᠯᠵᠦ ᠨᠡᠬᠡᠬᠡᠨ ᠠᠰᠢᠭᠯᠠᠵᠦ ᠪᠤᠯᠬᠤ ᠦᠷᠳᠡᠭ ᠲᠠᠢ ᠠᠵᠦ ᠠᠬᠤᠢ ᠶᠢᠨ ᠡᠷᠳᠡᠨᠢ ᠶᠢᠨ ᠭᠠᠵᠠᠷ ᠃ ᠡᠭᠦᠨ ᠳᠤ ᠭᠤᠤᠯ ᠪᠤᠯᠬᠤ ᠠᠭᠤᠷᠬᠠᠢ ᠶᠢᠨ ᠡᠬᠢ ᠪᠠᠶᠠᠯᠢᠭ ᠳᠤ ᠨᠡᠭᠦᠷᠡᠰᠦ᠂ ᠴᠤᠬᠤᠢ ᠶᠢᠨ ᠴᠢᠯᠠᠭᠤᠯᠢᠭ᠂ ᠴᠠᠬᠢᠭᠤᠷ ᠴᠢᠯᠠᠭᠤ᠂ ᠭᠤᠤᠯᠢᠩ ᠴᠢᠯᠠᠭᠤ᠂ ᠡᠯ᠎ᠡ ᠵᠦᠢᠯ ᠤᠨ ᠨᠠᠩᠬᠢ ᠰᠢᠷᠤᠢ᠂ ᠳᠠᠷᠠᠭᠠᠯᠠᠪᠡᠯ᠂ ᠲᠡᠮᠦᠷᠯᠢᠭ ᠤᠨ ᠠᠭᠤᠷᠬᠠᠢ 10 ᠭᠠᠷᠤᠢ ᠵᠦᠢᠯ᠃ ᠨᠡᠭᠦᠷᠡᠰᠦ ᠶᠢᠨ ᠪᠠᠲᠦᠯᠠᠭ᠎ᠠ ᠲᠠᠢ ᠬᠠᠳᠠᠭᠠᠯᠠᠭᠳᠡᠴᠠ10.4 ᠳ᠋ᠦᠩᠰᠢᠭᠤᠷ ᠲᠤᠨ᠂ ᠪᠦᠬᠦ ᠬᠤᠲᠡ ᠶᠢᠨ ᠶᠡᠷᠤᠩᠬᠡᠢ ᠬᠠᠳᠠᠭᠠᠯᠠᠭᠳᠡᠴᠠ ᠶᠢᠨ ᠭᠤᠷᠪᠡᠨ ᠤ ᠨᠢᠭᠡ ᠶᠢ ᠡᠵᠡᠯᠡᠵᠦ᠂ ᠠᠷᠤ ᠭᠠᠵᠠᠷ ᠤᠨ  ᠨᠡᠭᠦᠷᠡᠰᠦᠨ ᠬᠤᠲᠡ ᠭᠡᠰᠡᠨ ᠰᠠᠶᠢᠬᠠᠨ ᠴᠤᠯᠠ ᠲᠠᠢ᠃ ᠴᠤᠬᠤᠢ ᠶᠢᠨ ᠴᠢᠯᠠᠭᠤᠯᠢᠭ ᠤᠨ ᠠᠯᠤᠰ ᠤᠨ ᠬᠠᠳᠠᠭᠠᠯᠠᠭᠳᠠᠴᠠ 40 ᠳ᠋ᠦᠩᠰᠢᠭᠤᠷ ᠲᠤᠨ ᠠᠴᠠ ᠳᠡᠭᠡᠭᠰᠢ ᠪᠠᠶᠢᠵᠦ᠂ ᠺᠠᠯᠼ ᠶᠢᠨ ᠢᠰᠦᠯ ᠤᠨ ᠠᠭᠤᠯᠤᠭᠳᠠᠴᠠ ᠦᠨᠳᠤᠷ᠂ ᠬᠤᠯᠢᠴᠠ ᠪᠠᠭ᠎ᠠ︔ ᠨᠠᠩᠬᠢ ᠰᠢᠷᠤᠢ ᠶᠢᠨ ᠬᠠᠳᠠᠭᠠᠯᠠᠭᠳᠠᠴᠠ 50 ᠳ᠋ᠤᠩᠰᠢᠭᠤᠷ ᠲᠤᠨ ᠠᠴᠠ ᠳᠡᠭᠡᠭᠰᠢ ᠪᠠᠶᠢᠵᠦ᠂ ᠡᠭᠦᠨ ᠠᠴᠠ ᠭᠠᠳᠠᠨ᠎ᠠ ᠪᠠᠰᠠ ᠬᠢᠯᠠᠭᠠᠷ ᠨᠤᠭᠤᠭᠠᠨ ᠴᠢᠯᠠᠭᠤᠯᠢᠭ᠂ ᠦᠨᠴᠤᠭ᠍ᠳᠤ ᠭᠢᠯᠪᠠᠭᠠᠨ ᠴᠢᠯᠠᠭᠤ᠂ ᠳᠡᠯᠡᠬᠡᠢ ᠶᠢᠨ ᠬᠤᠪᠤᠷ ᠴᠤᠬᠠᠭ ᠴᠢᠰᠤᠨ ᠤᠯᠠᠭᠠᠨ ᠭᠠᠨᠳᠢᠭ ᠴᠢᠯᠠᠭᠤ ᠵᠡᠷᠭᠡ ᠪᠠᠶᠢᠨ᠎ᠠ᠃      ᠤᠰᠤᠨ ᠤ ᠡᠬᠢ ᠪᠠᠶᠠᠯᠢᠭ      ᠬᠠᠲᠤᠨ ᠭᠤᠤᠯ ᠪᠤᠯ ᠬᠠᠶᠢᠷᠤᠪ ᠤᠨ ᠲᠤᠬᠤᠢ ᠲᠤᠭᠤᠷᠢᠭ ᠤᠨ ᠠᠵᠦ ᠦᠢᠯᠡᠳᠪᠦᠷᠢ᠂ ᠲᠠᠷᠢᠶᠠᠯᠠᠩ ᠤᠨ ᠬᠡᠷᠡᠭᠯᠡᠬᠦ ᠤᠰᠤᠨ ᠤ ᠭᠤᠤᠯ ᠢᠷᠡᠯᠲᠡ᠂ ᠬᠠᠲᠤᠨ ᠭᠤᠤᠯ ᠪᠦᠬᠦ ᠬᠢᠵᠠᠭᠠᠷ ᠢᠶᠠᠷ ᠤᠷᠤᠰᠤᠨ ᠦᠩᠭᠡᠷᠡᠵᠦ᠂ ᠵᠢᠯ ᠤᠨ ᠳᠤᠮᠳᠠᠴᠢ ᠤᠷᠤᠰᠬᠠᠯ ᠤᠨ ᠬᠡᠮᠵᠢᠶ᠎ᠡ ᠨᠢ 321 ᠳ᠋ᠦᠩᠰᠢᠭᠤᠷ ᠺᠦᠪ ᠮᠧᠲᠷ ᠲᠤ ᠬᠦᠷᠴᠦ᠂ ᠵᠢᠯ ᠤᠨ ᠬᠠᠮᠤᠭ ᠶᠡᠭᠡ ᠤᠷᠤᠰᠬᠠᠯ ᠤᠨ ᠬᠡᠮᠵᠢᠶ᠎ᠡ ᠨᠢ 556 ᠳ᠋ᠦᠩᠰᠢᠭᠤᠷ ᠺᠦᠪ ᠮᠧᠲᠷ ᠲᠤ ᠬᠦᠷᠴᠦ᠂ ᠲᠤᠰ ᠭᠠᠵᠠᠷ ᠤᠷᠤᠨ ᠤ ᠠᠵᠦ ᠦᠢᠯᠡᠳᠪᠦᠷᠢ᠂ ᠲᠠᠷᠢᠶᠠᠯᠠᠩ ᠤᠨ ᠬᠦᠭᠵᠢᠯᠲᠡ᠂ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠤᠰᠤ ᠵᠡᠷᠭᠡ ᠳᠤ ᠨᠠᠶᠢᠳᠠᠪᠦᠷᠢᠲᠠᠢ ᠪᠠᠲᠤᠯᠠᠭ᠎ᠠ ᠶᠢ ᠬᠠᠩᠭᠠᠵᠠᠢ᠃      ᠠᠮᠢᠳᠤ ᠪᠤᠳᠠᠰ ᠤᠨ ᠡᠬᠢ ᠪᠠᠶᠠᠯᠢᠭ      ᠬᠠᠶᠢᠷᠤᠪ ᠤᠨ ᠲᠤᠬᠤᠢ ᠲᠤᠭᠤᠷᠢᠭ ᠤᠨ ᠬᠢᠯᠢ ᠳᠤᠲᠤᠷ᠎ᠠ ᠡᠯᠪᠡᠭ ᠪᠠᠶᠠᠯᠢᠭ ᠠᠭᠤᠷᠬᠠᠢ ᠶᠢᠨ ᠡᠬᠢ ᠪᠠᠶᠠᠯᠢᠭ ᠪᠤᠯᠤᠨ ᠤᠰᠤᠨ ᠤ ᠡᠬᠢ ᠪᠠᠶᠠᠯᠢᠭ ᠠᠴᠠ ᠭᠠᠳᠠᠨ᠎ᠠ ᠪᠠᠰᠠ ᠨᠡᠯᠢᠶᠡᠳ ᠡᠯᠪᠡᠭ ᠪᠠᠶᠠᠯᠢᠭ ᠠᠮᠢᠳᠤ ᠪᠤᠳᠠᠰ ᠤᠨ ᠡᠬᠢ ᠪᠠᠶᠠᠯᠢᠭ ᠲᠠᠷᠬᠠᠵᠦ ᠪᠠᠶᠢᠨ᠎ᠠ᠃ ᠨᠢᠭᠡᠨᠲᠡ ᠬᠠᠶᠢᠨ ᠲᠤᠳᠤᠯᠠᠭᠰᠡᠨ ᠵᠡᠷᠯᠢᠭ ᠤᠷᠭᠤᠮᠡᠯ 69 ᠢᠵᠠᠭᠤᠷ᠂ 181 ᠵᠦᠢᠯ ᠂ 297 ᠲᠦᠷᠦᠯ᠂ ᠡᠭᠦᠨ ᠤ ᠳᠤᠲᠤᠷ᠎ᠠ ᠲᠡᠵᠢᠭᠡᠯ ᠤᠨ ᠤᠷᠭᠤᠮᠡᠯ 93 ᠵᠦᠢᠯ᠂ ᠡᠮᠳᠤ ᠤᠷᠭᠤᠮᠡᠯ 30 ᠭᠠᠷᠦᠢ ᠵᠦᠢᠯ ᠪᠦᠭᠡᠳ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠬᠤᠪᠤᠷ ᠴᠤᠬᠠᠭ ᠬᠡᠬᠡᠷ᠎ᠡ ᠶᠢᠨ ᠤᠷᠭᠤᠮᠡᠯ᠄ ᠮᠦᠩᠬᠡ ᠬᠠᠷᠭᠠᠨ᠎ᠠ᠂ ᠤᠯᠠᠭᠠᠨ ᠪᠤᠶᠢᠯᠠᠰᠦ᠂ ᠨᠤᠴᠤᠭᠠᠨ᠎ᠠ᠂ ᠪᠦᠨᠳᠤᠭᠦᠷ ᠪᠤᠲᠠ ᠴᠡᠴᠡᠭ᠂ ᠮᠢᠨᠳᠠᠰᠦᠨ ᠦᠷᠭᠡᠰᠦ ︵ᠬᠤᠶᠢᠷᠠᠭ︶ ᠵᠡᠷᠭᠡ ᠪᠠᠶᠢᠵᠦ᠂ ᠡᠭᠦᠨ ᠳᠤ ᠨᠤᠴᠤᠭᠠᠨ᠎ᠠ ᠪᠤᠯ ᠢᠮᠠᠭᠠᠨ ᠵᠠᠩᠭᠤᠤ ᠶᠢᠨ ᠲᠦᠷᠦᠯ ᠵᠦᠢᠯ ᠎ ᠤᠨ ᠤᠷᠭᠤᠮᠡᠯ ᠳᠤ ᠪᠠᠭᠲᠠᠭᠠᠵᠦ᠂ ᠲᠤᠯᠤᠭᠠᠨ ᠮᠢᠩᠭᠠᠨ ᠵᠢᠯ ᠤᠨ ᠡᠮᠦᠨᠡᠬᠢ ᠭᠤᠷᠪᠠᠳᠠᠭᠴᠢ ᠭᠠᠯᠪᠠ ᠶᠢᠨ ᠦᠯᠡᠳᠡᠭᠳᠡᠯ ᠤᠷᠭᠤᠮᠡᠯ᠂ ᠳᠡᠯᠡᠬᠡᠢ ᠳᠡᠭᠡᠷᠡᠬᠢ ᠤᠨᠴᠠ ᠲᠦᠷᠦᠯ ᠳᠦᠷᠰᠦ ᠤᠷᠭᠤᠮᠠᠯ ᠤᠨ 190 ᠵᠦᠢᠯ ᠨᠢ ᠮᠠᠨ ᠤ ᠤᠯᠤᠰ ᠲᠤ ᠲᠠᠷᠬᠠᠵᠦ᠂ ᠳᠠᠷᠤᠢ ᠵᠤᠰᠤᠳᠤ ᠶᠢᠨ ᠠᠭᠤᠯᠠ ᠶᠢᠨ ᠤᠷᠤᠨ ᠳᠤ ᠬᠤᠪᠤᠷ ᠴᠤᠬᠠᠭ ᠤᠷᠭᠤᠮᠡᠯ ᠲᠠᠷᠬᠠᠵᠦ  ᠂ ᠨᠡᠯᠢᠶᠡᠳ ᠴᠢᠬᠤᠯᠠ ᠰᠢᠨᠵᠢᠯᠡᠬᠦ ᠤᠬᠠᠭᠠᠨ ᠤ ᠰᠤᠳᠤᠯᠤᠯ ᠤᠨ ᠦᠨ᠎ᠡ ᠦᠷᠳᠡᠭ ᠲᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号