ᠬᠤᠲᠡ ᠶᠢᠨ ᠪᠠᠶᠢᠭᠤᠯᠤᠯᠲᠠ
ᠨᠡᠶᠢᠲᠡᠯᠡᠭᠰᠡᠨ ᠴᠠᠭ᠄
2018-11-26
    ᠤᠷᠴᠢᠮ ᠤᠨ ᠵᠢᠯ ᠤᠳ ᠲᠤ ᠬᠠᠶᠢᠷᠤᠪ ᠤᠨ ᠲᠤᠬᠤᠢ ᠲᠤᠭᠤᠷᠢᠭ ᠦᠨᠳᠦᠷ ᠪᠠᠷᠢᠮᠵᠢᠶ᠎ᠠ ᠪᠠᠷ ᠬᠤᠲᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠠᠢ ᠲᠦᠯᠦᠪᠯᠡᠨ ᠠᠬᠢᠭᠤᠯᠵᠦ᠂ ᠪᠦᠬᠦ ᠤᠷᠤᠨ ᠢᠶᠠᠷ ᠢᠶᠠᠨ ᠬᠦᠴᠦᠯᠡᠵᠦ᠂ ᠳᠦᠭᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠨ ᠵᠠᠰᠠᠬᠤ ᠠᠵᠢᠯ ᠢ ᠲᠦᠯᠬᠢᠨ ᠠᠬᠢᠭᠤᠯᠵᠦ᠂ ᠬᠤᠲᠡ ᠶᠢᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ ᠂ ᠢᠯᠴᠢ ᠬᠠᠩᠭᠠᠬᠤ ᠪᠤᠯᠤᠨ ᠤᠰᠤ ᠭᠠᠳᠠᠭᠰᠢᠯᠠᠭᠤᠯᠬᠤ᠂ ᠪᠤᠬᠢᠷᠲᠤᠯ ᠢ ᠭᠠᠳᠠᠭᠰᠢᠯᠠᠭᠤᠯᠬᠤ ᠬᠤᠭᠤᠯᠠᠢ ᠲᠤᠤᠷ ᠤᠨ ᠲᠦᠭᠦᠭᠡᠷᠤᠮᠵᠢ ᠶᠢᠨ ᠳᠡᠰ ᠳᠡᠪᠰᠢᠭᠦᠯᠵᠦ ᠦᠭᠡᠷᠡᠴᠢᠯᠡᠨ ᠵᠠᠰᠠᠬᠤ ᠶᠢ ᠶᠡᠬᠡᠪᠡᠷ ᠲᠦᠯᠬᠢᠨ ᠠᠬᠢᠭᠤᠯᠵᠦ᠂ ᠬᠤᠲᠡ ᠲᠤᠭᠤᠷᠢᠭ ᠤᠨ ᠨᠤᠭᠤᠭᠠᠷᠠᠭᠤᠯᠬᠤ᠂ ᠭᠡᠷᠡᠯᠲᠦᠭᠦᠯᠬᠦ᠂ ᠭᠤᠶᠤᠯᠠᠬᠤ ᠬᠢᠷᠢ ᠲᠦᠪᠰᠢᠨ ᠢ ᠲᠠᠰᠠᠷᠤᠯᠲᠠ ᠦᠭᠡᠢ ᠳᠡᠭᠡᠭᠰᠢᠯᠡᠭᠦᠯᠵᠦ᠂ ᠬᠤᠲᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠲᠡᠭᠲᠡᠷ ᠲᠤ ᠭᠠᠷᠬᠤ ᠶᠢ ᠠᠬᠢᠭᠤᠯᠵᠠᠢ᠃ ᠬᠠᠶᠢᠷᠤᠪ ᠤᠨ ᠲᠤᠬᠤᠢ ᠲᠤᠭᠤᠷᠢᠭ ᠬᠤᠲᠡ ᠬᠦᠳᠡᠭᠡ ᠶᠢ ᠨᠢᠭᠡᠳᠦᠯᠲᠠᠢ ᠲᠦᠯᠦᠪᠵᠢᠭᠦᠯᠬᠦ ᠶᠢ ᠴᠢᠬᠤᠯᠠᠴᠢᠯᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠳᠤᠯᠬᠤ ᠶᠢ ᠴᠢᠩᠭ᠎ᠠ ᠠᠳᠬᠤᠵᠦ᠂ ᠬᠦᠳᠡᠭᠡ ᠲᠤᠰᠬᠤᠨ ᠤ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠰᠢᠪᠲᠤᠯᠤᠯᠲᠠ ᠶᠢ ᠭᠠᠷᠭᠠᠵᠠᠢ᠃ ᠦᠩᠭᠡᠷᠡᠭᠰᠡᠨ ᠤ ᠲᠠᠪᠤᠨ ᠵᠢᠯ ᠳᠤ᠂ ᠬᠠᠶᠢᠷᠤᠪ ᠤᠨ ᠲᠤᠬᠤᠢ ᠲᠤᠭᠤᠷᠢᠭ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠤᠭᠴᠠᠵᠢᠭᠤᠯᠬᠤ ᠶᠢ ᠪᠠᠷᠢᠮᠲᠠᠯᠠᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠵᠦ᠂ ᠬᠤᠲᠡ ᠬᠦᠳᠡᠭᠡ ᠶᠢᠨ ᠴᠤᠭᠴᠠᠵᠢᠯᠠᠭᠰᠡᠨ ᠬᠦᠭᠵᠢᠯᠲᠡ ᠶᠢ ᠨᠢᠭᠡᠳᠤᠯᠲᠠᠢ ᠲᠦᠯᠦᠪᠯᠡᠨ ᠠᠬᠢᠭᠤᠯᠵᠦ᠂ ᠲᠠᠷᠢᠶᠠᠯᠠᠬᠤ ᠤᠷᠤᠨ ᠤ ᠦᠨᠳᠤᠷ ᠪᠠᠷᠢᠮᠵᠢᠶᠠᠳᠤ ᠦᠭᠡᠷᠡᠴᠢᠯᠡᠯᠲᠡ ᠶᠢ ᠲᠦᠯᠬᠢᠨ ᠠᠬᠢᠭᠤᠯᠵᠦ᠂ ᠲᠠᠷᠢᠶᠠᠯᠠᠬᠤ ᠤᠷᠤᠨ ᠤ ᠰᠢᠪᠠᠷ ᠪᠠᠶᠢᠰᠢᠩ ᠢ ᠲᠤᠶᠢᠯᠪᠦᠷᠢᠲᠠᠢ ᠤᠰᠠᠳᠬᠠᠭᠰᠠᠨ ᠢᠶᠠᠷ ᠪᠠᠷᠠᠬᠤ ᠦᠭᠡᠢ᠂ ᠪᠠᠰᠠ ᠲᠠᠷᠢᠶᠠᠯᠠᠬᠤ ᠤᠷᠤᠨ ᠤ ᠵᠠᠮ ᠢ ᠰᠢᠨ᠎ᠡ ᠢᠶᠠᠷ 110 ᠺᠢᠯᠤᠮᠧᠲᠷ ᠪᠠᠶᠢᠭᠤᠯᠵᠦ᠂ ᠪᠤᠢ ᠪᠦᠬᠦᠢ ᠭᠤᠤᠯ ᠵᠠᠮ ᠳᠤ ᠰᠠᠯᠬᠢ ᠭᠡᠷᠡᠯ ᠬᠠᠷᠢᠯᠴᠠᠨ ᠨᠦᠬᠦᠪᠦᠷᠢᠯᠡᠭᠰᠡᠨ ᠵᠠᠮ ᠤᠨ ᠳ᠋ᠧᠩ ᠤᠭᠰᠠᠷᠠᠵᠦ᠂ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠪᠦᠬᠦ ᠵᠠᠰᠠᠭ ᠵᠠᠬᠢᠷᠭᠠᠨ ᠤ ᠲᠤᠰᠬᠤᠨ ᠳᠤ ᠨᠡᠪᠲᠡᠷᠡᠭᠦᠯᠦᠭᠰᠡᠨ ᠤ ᠬᠠᠮᠳᠤ ᠳᠤᠨᠢ᠂ ᠡᠯ᠎ᠡ ᠲᠤᠰᠬᠤᠨ ᠪᠦᠬᠦᠨ ᠢᠶᠠᠷ ᠪᠠᠷᠢᠮᠵᠢᠶᠠᠵᠢᠭᠰᠡᠨ ᠡᠷᠡᠭᠦᠯ ᠬᠠᠮᠠᠭᠠᠯᠠᠯ ᠤᠨ ᠲᠠᠰᠤᠭ᠂ ᠰᠤᠶᠤᠯ ᠲᠤᠭᠯᠠᠭᠠᠮ ᠤᠨ ᠦᠷᠦᠭᠡ᠂ ᠠᠷᠠᠳ ᠲᠤ ᠳᠦᠭᠦᠮ ᠬᠤᠯᠪᠤᠭᠠᠳᠤ ᠬᠡᠳᠤ ᠳᠡᠯᠭᠡᠭᠦᠷ᠂ ᠤᠰᠤ ᠤᠮᠳᠠᠭᠠᠨ ᠤ ᠠᠮᠤᠷ ᠲᠦᠪᠰᠢᠨ᠂ ᠷᠠᠳᠢᠤ᠋ ᠨᠡᠪᠲᠡᠷᠡᠭᠦᠯᠭᠡ ᠶᠢᠨ ᠮᠡᠳᠡᠭᠡᠯᠡᠯ᠂ ᠬᠤᠲᠡ ᠶᠢᠨ ᠶᠠᠪᠤᠳᠠᠯ ᠤᠨ ᠬᠤᠭᠤᠯᠠᠢ ᠲᠤᠤᠷ ᠵᠡᠷᠭᠡ ᠲᠦᠭᠦᠭᠡᠷᠤᠮᠵᠢ ᠶᠢ ᠲᠤᠬᠢᠷᠠᠭᠤᠯᠤᠨ ᠪᠠᠶᠢᠭᠤᠯᠵᠦ᠂ ᠲᠠᠷᠢᠶᠠᠯᠠᠬᠤ ᠤᠷᠤᠨ ᠳᠤ 2 ᠰᠠᠭᠤᠷᠢ ᠪᠠᠷᠢᠮᠵᠢᠶᠠᠵᠢᠭᠤᠯᠤᠭᠰᠡᠨ ᠬᠤᠬᠡᠳ ᠤᠨ ᠴᠡᠴᠡᠷᠯᠢᠭ ᠢ ᠠᠰᠢᠭᠯᠠᠯᠲᠠ ᠳᠤ ᠤᠷᠤᠭᠤᠯᠵᠦ᠂ ᠲᠠᠷᠢᠶᠠᠯᠠᠬᠤ ᠤᠷᠤᠨ ᠤ ᠬᠤᠬᠡᠳ ᠬᠤᠲᠡ ᠶᠢᠨ ᠬᠤᠬᠡᠳ ᠲᠠᠢ ᠠᠳᠠᠯᠢ ᠴᠢᠨᠠᠷ ᠰᠠᠶᠢᠲᠠᠢ ᠰᠤᠷᠬᠤ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠢ ᠤᠯᠵᠦ ᠬᠦᠷᠲᠡᠭᠰᠡᠨ ᠪᠠᠶᠢᠨ᠎ᠠ᠃ ᠲᠠᠷᠢᠶᠠᠯᠠᠬᠤ ᠤᠷᠤᠨ ᠤ ᠠᠵᠤ ᠤᠶᠢᠯᠡᠰ ᠤᠨ ᠤᠯᠠᠨ ᠡᠰᠢᠵᠢᠭᠰᠡᠨ ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ᠬᠠᠶᠢᠷᠤᠪ ᠤᠨ ᠲᠤᠬᠤᠢ ᠲᠤᠭᠤᠷᠢᠭ ᠤᠳᠤ ᠦᠶ᠎ᠡ ᠶᠢᠨ ᠦᠷ᠎ᠡ ᠠᠰᠢᠭ ᠶᠡᠬᠡᠲᠠᠢ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠦᠵᠤᠮ ᠪᠤᠯᠪᠠᠰᠤᠷᠠᠭᠤᠯᠬᠤ ᠵᠡᠷᠭᠡ ᠲᠦᠷᠦᠯ ᠵᠤᠶᠢᠯ  ᠤᠨ ᠠᠵᠦ ᠤᠶᠢᠯᠠᠰᠴᠢᠯᠠᠯᠲᠠ ᠶᠢ ᠲᠦᠷᠭᠡᠳᠭᠡᠨ ᠪᠠᠶᠢᠭᠤᠯᠵᠦ᠂ ᠬᠤᠲᠡ ᠶᠢᠨ ᠱᠠᠲᠤᠨ ᠠᠴᠠ ᠳᠡᠭᠡᠭᠰᠢᠬᠢ 25ᠲᠠᠷᠢᠶᠠᠯᠠᠩ ᠤᠨ ᠲᠡᠷᠢᠭᠦᠨ ᠤ ᠠᠵᠦ ᠠᠬᠤᠶᠢᠯᠠᠯ ᠢ ᠪᠤᠶᠢᠵᠢᠭᠤᠯᠦᠨ ᠪᠤᠢ ᠪᠤᠯᠭᠠᠵᠦ᠂ ᠡᠭᠦᠨ ᠳᠤ ᠤᠯᠦᠰ ᠪᠠ ᠦᠪᠡᠷᠲᠡᠭᠡᠨ ᠵᠠᠰᠠᠬᠤ ᠤᠷᠤᠨ ᠤ ᠲᠡᠰ ᠶᠢᠨ 8 ᠪᠠᠶᠢᠨ᠎ᠠ᠃ ᠲᠠᠷᠢᠶᠠᠯᠠᠩ ᠤᠨ ᠲᠡᠷᠢᠭᠦᠨ ᠤ ᠠᠵᠦ ᠠᠬᠤᠶᠢᠯᠠᠯ ᠤᠨ ᠨᠡᠷᠡᠳᠤ ᠲᠡᠮᠲᠡᠭᠵᠢᠭᠦᠯᠬᠦ ᠬᠦᠭᠵᠢᠯᠲᠡ ᠶᠢ ᠪᠡᠶᠡᠯᠡᠭᠦᠯᠵᠠᠢ᠃ ᠤᠨᠢᠨ ᠳᠡᠭᠡᠷ᠎ᠡ ᠨᠢ ᠶᠠᠳᠠᠭᠤ ᠶᠢ ᠲᠡᠳᠭᠦᠬᠦ ᠶᠢ ᠭᠦᠨᠵᠡᠭᠡᠢ ᠠᠬᠢᠭᠤᠯᠬᠤ ᠶᠢᠨ ᠲᠦᠯᠦᠭᠡ᠂ ᠬᠠᠶᠢᠷᠤᠪ ᠤᠨ ᠲᠤᠬᠤᠢ ᠲᠤᠭᠤᠷᠢᠭ ᠪᠦᠬᠦ ᠤᠷᠤᠨ ᠤ ᠶᠠᠳᠠᠭᠤ ᠬᠦᠴᠢᠷᠳᠡᠯᠳᠠᠢ ᠡᠷᠤᠬᠡ ᠶᠢᠨ ᠬᠦᠮᠦᠨ ᠠᠮᠠ ᠳᠤ ᠳᠠᠩᠰᠠ ᠺᠠᠷᠲ ᠪᠠᠶᠢᠭᠤᠯᠵᠦ᠂ ᠺᠠᠳ᠋ᠷ ᠲᠤᠮᠢᠯᠠᠨ ᠡᠷᠤᠬᠡ ᠳᠤᠨᠢ ᠲᠤᠬᠢᠷᠠᠭᠤᠯᠬᠤ ᠲᠦᠷᠤ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠠᠪᠰᠤᠷᠤᠨ ᠳᠡᠳᠭᠦᠵᠦ ᠶᠠᠳᠠᠭᠤ ᠠᠴᠠ ᠠᠩᠬᠢᠵᠢᠷᠠᠭᠤᠯᠵᠦ᠂ ᠤᠶᠢᠯᠡᠰ ᠪᠤᠰᠬᠠᠬᠤ ᠵᠢᠭᠡᠯᠡᠯᠭᠡ ᠶᠢ ᠲᠡᠮᠡᠴᠡᠨ ᠤᠯᠬᠤ ᠪᠠᠷ ᠳᠠᠮᠵᠢᠵᠦ᠂ ᠵᠢᠵᠢᠭ ᠲᠠᠸᠠᠷ ᠪᠤᠯᠪᠠᠰᠤᠷᠠᠭᠤᠯᠬᠤ ᠤᠶᠢᠯᠡᠳᠪᠦᠷᠢ ᠶᠢ ᠤᠷᠤᠭᠤᠯᠵᠦ᠂ ᠡᠮ ᠡᠮᠨᠡᠯᠭᠡ ᠶᠢᠨ ᠲᠤᠰᠠᠯᠠᠮᠵᠢ ᠶᠢᠨ ᠰᠠᠭᠤᠷᠢ ᠮᠦᠩᠭᠦ ᠶᠢ ᠪᠠᠶᠢᠭᠤᠯᠵᠦ᠂ ᠲᠠᠷᠢᠶᠠᠴᠢᠳ ᠲᠤ ᠠᠰᠢᠭ ᠬᠦᠷᠲᠡᠭᠡᠵᠦ ᠶᠠᠳᠠᠭᠤ ᠬᠦᠴᠢᠷᠳᠡᠯᠲᠠᠢ ᠬᠦᠮᠦᠨ ᠠᠮᠡ ᠶᠢ ᠪᠠᠭᠠᠰᠬᠠᠬᠤ ᠳᠠᠭᠠᠳᠬᠠᠯ ᠢ ᠬᠡᠷᠡᠭᠵᠢᠭᠦᠯᠵᠦ᠂ ᠵᠠᠰᠠᠭ ᠤᠨ ᠤᠷᠳᠤᠨ ᠪᠦᠭᠦᠳᠡ ᠢ ᠪᠠᠳᠤᠯᠠᠬᠤ ᠵᠡᠷᠭᠡ ᠠᠷᠭ᠎ᠠ ᠠᠪᠴᠢᠯ ᠠᠪᠴᠤ᠂ ᠲᠤᠭᠲᠠᠭᠠᠭᠰᠠᠨ 358 ᠡᠷᠦᠬᠡ᠂ 684 ᠶᠠᠳᠠᠭᠤ ᠬᠦᠴᠢᠷᠳᠡᠯᠲᠠᠢ ᠬᠦᠮᠦᠨ ᠠᠮᠡ ᠦᠨᠳᠤᠰᠤᠨ ᠳᠡᠭᠡᠨ ᠶᠠᠳᠠᠭᠤ ᠠᠴᠠ ᠠᠩᠬᠢᠵᠢᠷᠠᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号