ᠰᠢᠤᠢ ᠫᠢᠩ
ᠨᠡᠶᠢᠲᠡᠯᠡᠭᠰᠡᠨ ᠴᠠᠭ᠄
2018-11-27
     ᠰᠢᠤᠢ ᠫᠢᠩ᠂ ᠡᠷᠡᠭᠲᠠᠢ᠂ ᠮᠤᠩᠭᠤᠯ ᠦᠨᠳᠦᠰᠦᠲᠡᠨ᠂ 1968 ᠤᠨ ᠤ 6 ᠳ᠋ᠤᠭᠠᠷ ᠰᠠᠷ᠎ᠠ ᠳᠤ ᠱᠠᠨᠰᠢ ᠮᠤᠵᠢ ᠶᠢᠨ ᠱᠧᠨ ᠮᠤ᠋ ᠳᠤ ᠲᠦᠷᠦᠪᠡ᠂ 1987 ᠤᠨ ᠤ 8 ᠳ᠋ᠤᠭᠠᠷ ᠰᠠᠷ᠎ᠠ ᠳᠤ ᠠᠵᠢᠯ ᠳᠤ ᠤᠷᠤᠯᠴᠠᠵᠦ᠂1995 ᠤᠨ ᠤ 1 ᠳ᠋ᠤᠭᠡᠷ ᠰᠠᠷ᠎ᠠ ᠳᠤ ᠡᠪ ᠬᠠᠮᠳᠤ ᠨᠠᠮ ᠳᠤ ᠡᠯᠰᠡᠭᠳᠡᠪᠡ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠦ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠡᠷ ᠲᠠᠢ᠂ ᠤᠳᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ᠃      ᠠᠵᠢᠯ ᠤᠨ ᠬᠤᠪᠢᠶᠠᠷᠢᠯᠠᠯ᠄ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠢ ᠬᠠᠪᠰᠤᠷᠤᠨ ᠬᠤᠷᠸ᠎ᠠ ᠠᠵᠦ ᠠᠬᠤᠢ ᠪᠠ ᠠᠵᠦ ᠦᠢᠯᠡᠳᠪᠦᠷᠢ ᠶᠢᠨ ᠠᠵᠦ ᠠᠬᠤᠢ᠂ ᠶᠡᠷᠤᠩᠬᠡᠶᠢᠯᠡᠭᠰᠡᠨ ᠪᠠᠶᠢᠭᠤᠯᠤᠮᠵᠢ ᠶᠢᠨ ᠦᠭᠡᠷᠡᠴᠢᠯᠡᠯᠲᠡ ᠂ ᠠᠶᠤᠯᠭᠦᠢ ᠦᠢᠯᠡᠳᠪᠦᠷᠢᠯᠡᠬᠦ᠂ ᠲᠤᠭ᠎ᠠ ᠪᠦᠷᠢᠳᠭᠡᠯ᠂ ᠠᠭᠤᠷᠬᠠᠢ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠦ᠂ ᠲᠤᠭᠤᠷᠢᠭ ᠤᠨ ᠬᠦᠭᠵᠢᠯᠲᠡ ᠪᠠ ᠦᠭᠡᠷᠡᠴᠢᠯᠡᠯᠲᠡ ᠶᠢᠨ ᠲᠤᠪᠴᠢᠶ᠎ᠠ᠂ ᠲᠤᠭᠤᠷᠢᠭ ᠤᠨ ᠠᠵᠦ ᠠᠬᠤᠢ ᠪᠠ ᠮᠡᠳᠡᠭᠡ ᠵᠠᠩᠬᠢᠴᠢᠯᠠᠯᠲᠠ ᠶᠢᠨ ᠲᠤᠪᠴᠢᠶ᠎ᠠ ︵ᠲᠤᠮᠳᠠ ᠪᠠᠭ᠎ᠠ ᠠᠵᠦ ᠠᠬᠤᠶᠢᠯᠠᠯ ᠤᠨ ᠲᠤᠪᠴᠢᠶ᠎ᠠ ᠶᠢ ᠪᠠᠭᠲᠠᠭᠠᠨ᠎ᠠ︶᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ︵ᠨᠡᠭᠦᠷᠡᠰᠤᠨ ᠬᠠᠮᠢᠶᠠᠷᠤᠯᠲᠠ ᠶᠢᠨ ᠲᠤᠪᠴᠢᠶ᠎ᠠ ᠶᠢ ᠪᠠᠭᠲᠠᠭᠠᠨ᠎ᠠ︶᠂ ᠬᠠᠶᠢᠷᠤᠪ ᠤᠨ ᠲᠤᠬᠤᠢ ᠶᠢᠨ ᠠᠵᠦ ᠦᠢᠯᠡᠳᠪᠦᠷᠢ ᠎ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠲᠤᠪᠴᠢᠶ᠎ᠠ ᠶᠢ ᠬᠤᠪᠢᠳᠠᠨ ᠬᠠᠮᠢᠶᠠᠷᠴᠦ᠂ ᠬᠠᠶᠢᠷᠤᠪ ᠤᠨ ᠲᠤᠬᠤᠢ ᠳᠠᠬᠢ ᠤᠯᠤᠰ ᠤᠨ ᠨᠤᠳᠤᠭ ᠳᠡᠪᠢᠰᠭᠡᠷ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ ︵ᠠᠭᠤᠷᠬᠠᠢ ᠶᠢᠨ ᠡᠬᠢ ᠪᠠᠶᠠᠯᠢᠭ ᠤᠨ ᠬᠡᠰᠡᠭ︶᠂ ᠦᠬᠠᠢ ᠬᠤᠲᠡ ᠶᠢᠨ ᠴᠠᠬᠢᠯᠭᠠᠨ ᠤ ᠦᠢᠯᠡᠰ ᠤᠨ ᠲᠤᠪᠴᠢᠶ᠎ᠠ᠂ ᠬᠦᠬᠡᠬᠤᠲᠡ ᠲᠡᠮᠤᠷ ᠵᠠᠮ ᠤᠨ ᠲᠤᠪᠴᠢᠶᠠᠨ ᠤ ᠦᠬᠠᠢ  ᠎ ᠶᠢᠨ ᠲᠡᠷᠭᠡᠨ ᠤ ᠶᠠᠪᠤᠳᠠᠯ ᠤᠨ ᠬᠡᠰᠡᠭ ᠵᠡᠷᠭᠡ ᠨᠢᠭᠡᠴᠡ ᠲᠠᠢ ᠬᠠᠷᠢᠯᠴᠠᠬᠤ ᠶᠢ ᠬᠠᠷᠢᠭᠤᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号