ᠶᠠᠩ ᠴᠢᠩ ᠶᠤᠸᠠᠨ
ᠨᠡᠶᠢᠲᠡᠯᠡᠭᠰᠡᠨ ᠴᠠᠭ᠄
2018-11-27
     ᠶᠠᠩ ᠴᠢᠩ ᠶᠤᠸᠠᠨ᠂ ᠡᠷᠡᠭᠲᠠᠢ᠂ ᠬᠢᠲᠠᠳ ᠦᠨᠳᠦᠰᠦᠲᠡᠨ᠂ 1969 ᠤᠨ ᠤ 10 ᠳ᠋ᠤᠭᠠᠷ ᠰᠠᠷ᠎ᠠ ᠳᠤ ᠱᠠᠨ ᠰᠢ ᠮᠤᠵᠢ ᠶᠢᠨ ᠳ᠋ᠠᠢ ᠰᠢᠶᠠᠨ ᠳᠤ ᠲᠦᠷᠦᠪᠡ᠂ 1991 ᠤᠨ ᠤ 3 ᠳ᠋ᠤᠭᠠᠷ ᠰᠠᠷ᠎ᠠ ᠳᠤ ᠠᠵᠢᠯ ᠳᠤ ᠤᠷᠤᠯᠴᠠᠵᠦ᠂ 2000 ᠤᠨ ᠤ 3 ᠳ᠋ᠤᠭᠠᠷ ᠰᠠᠷ᠎ᠠ ᠳᠤ ᠡᠪ ᠬᠠᠮᠳᠤ ᠨᠠᠮ ᠳᠤ ᠡᠯᠰᠡᠭᠳᠡᠪᠡ᠂ ᠲᠦᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠤ ᠰᠤᠷᠭᠠᠭᠤᠯᠢ ᠶᠢᠨ ᠠᠵᠦ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠦ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠡᠷ ᠲᠠᠢ᠂ ᠤᠳᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋  ᠲᠤᠭᠤᠷᠢᠭ ᠤᠨ ᠳᠠᠷᠤᠭ᠎ᠠ᠃      ᠠᠵᠢᠯ ᠤᠨ ᠬᠤᠪᠢᠶᠠᠷᠢᠯᠠᠯ᠄ ᠵᠠᠰᠠᠭ ᠤᠨ ᠤᠷᠳᠤᠨ ᠤ  ᠲᠤᠭᠤᠷᠢᠭ ᠤᠨ ᠳᠠᠷᠤᠭ᠎ᠠ ᠢ ᠬᠠᠪᠰᠤᠷᠤᠨ ᠡᠳᠤᠷ ᠲᠤᠳᠤᠮ ᠎ ᠤᠨ ᠠᠵᠢᠯ ᠢ ᠭᠦᠢᠴᠡᠳᠭᠡᠬᠦ ᠪᠦᠭᠡᠳ ᠬᠢᠨᠠᠨ ᠪᠠᠶᠢᠴᠠᠭᠠᠬᠤ᠂ ᠡᠳ᠋ ᠶᠢᠨ ᠵᠠᠰᠠᠭ ᠭᠠᠶᠢᠯᠢ ᠶᠢᠨ ᠶᠠᠪᠤᠳᠠᠯ᠂ ᠬᠤᠲᠡ ᠶᠢᠨ ᠲᠦᠯᠦᠪᠵᠢᠭᠦᠯᠭᠡ ᠬᠢᠭᠡᠳ ᠪᠦᠲᠦᠭᠡᠨ ᠪᠠᠶᠢᠭᠤᠯᠤᠯᠲᠠ᠂ ᠳᠦᠭᠦᠮ ᠪᠦᠲᠦᠴᠡᠳᠤ ᠤᠷᠤᠨ ᠰᠠᠭᠤᠴᠠ ᠶᠢᠨ ᠦᠭᠡᠷᠡᠴᠢᠯᠡᠯᠲᠡ᠂ ᠤᠷᠴᠢᠨ ᠠᠬᠤᠢ ᠶᠢᠨ ᠬᠠᠮᠠᠭᠠᠯᠠᠯᠲᠠ᠂ ᠵᠠᠬᠢᠳᠠᠯ ᠢᠶᠠᠷ ᠰᠤᠷᠪᠤᠯᠵᠢᠯᠠᠬᠤ᠂ ᠤᠯᠤᠰ ᠤᠷᠤᠨ ᠤ ᠡᠬᠢ ᠪᠠᠶᠠᠯᠢᠭ ᠵᠡᠷᠭᠡ ᠲᠠᠯ᠎ᠠ ᠎ ᠶᠢᠨ ᠠᠵᠢᠯ ᠢ ᠬᠠᠷᠢᠭᠤᠴᠠᠵᠦ᠂ ᠵᠠᠰᠠᠭ ᠤᠨ ᠤᠷᠳᠤᠨ ᠤ ᠳᠠᠷᠤᠭ᠎ᠠ ᠢ ᠬᠠᠪᠰᠤᠷᠤᠨ ᠬᠢᠨᠠᠨ ᠪᠤᠳᠤᠬᠤ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠵᠠᠰᠠᠭ ᠤᠨ ᠤᠷᠳᠤᠨ ᠤ ᠠᠯᠪᠡᠨ ᠭᠡᠷ ︵ᠬᠠᠤᠯᠢ ᠳᠦᠷᠢᠮ ᠤᠨ ᠠᠵᠢᠯ ᠤᠨ ᠠᠯᠪᠠᠨ ᠭᠡᠷ ᠬᠢᠭᠡᠳ ᠮᠦᠩᠭᠦᠨ ᠭᠦᠢᠯᠭᠡᠭᠡᠨ ᠤ ᠠᠯᠪᠠᠨ ᠭᠡᠷ ᠢ ᠪᠠᠭᠲᠠᠭᠠᠨ᠎ᠠ︶᠂ ᠲᠤᠭᠤᠷᠢᠭ ᠤᠨ ᠬᠢᠨᠠᠨ ᠪᠠᠶᠢᠴᠠᠭᠠᠬᠤ ᠲᠤᠪᠴᠢᠶ᠎ᠠ᠂ ᠲᠤᠭᠤᠷᠢᠭ ᠤᠨ ᠡᠳ᠋ ᠶᠢᠨ ᠵᠠᠰᠠᠭ ᠤᠨ ᠲᠤᠪᠴᠢᠶ᠎ᠠ ︵ᠤᠯᠤᠰ ᠤᠨ  ᠦᠮᠴᠢᠯᠡᠯᠳᠤ ᠡᠳ᠋ ᠬᠦᠷᠤᠩᠭᠡ ᠶᠢᠨ ᠬᠢᠨᠠᠨ ᠬᠠᠮᠢᠶᠠᠷᠤᠯᠲᠠ ᠶᠢᠨ ᠲᠤᠪᠴᠢᠶ᠎ᠠ︶᠂ ᠲᠤᠭᠤᠷᠢᠭ ᠤᠨ ᠤᠷᠤᠨ ᠰᠠᠭᠤᠴᠠ ᠪᠠ ᠬᠤᠲᠡ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ︵ᠵᠠᠮ ᠬᠠᠷᠢᠯᠴᠠᠭᠠᠨ ᠤ ᠲᠤᠪᠴᠢᠶ᠎ᠠ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶ᠎ᠠ ᠎ ᠶᠢ ᠪᠠᠭᠲᠠᠭᠠᠨ᠎ᠠ︶᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ᠂ ᠲᠤᠭᠤᠷᠢᠭ ᠤᠨ ᠪᠠᠶᠢᠭᠤᠯᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ᠂ ᠲᠤᠭᠤᠷᠢᠭ ᠤᠨ ᠬᠤᠲᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠵᠦ ᠪᠡᠯᠡ ᠲᠤᠬᠢᠷᠠᠭᠤᠯᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠡᠷᠭᠡ ᠎ ᠶᠢ ᠬᠤᠪᠢᠳᠠᠨ ᠬᠠᠮᠢᠶᠠᠷᠠᠨ᠎ᠠ᠃ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠤᠯᠤᠰ ᠲᠦᠷᠤ ᠶᠢᠨ ᠵᠦᠪᠯᠡᠯᠭᠡᠨ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠳ ᠤᠨ  ᠪᠠᠶᠢᠴᠠᠭᠠᠬᠤ ᠬᠤᠷᠢᠶ᠎ᠠ᠂ ᠡᠯ᠎ᠡ ᠠᠷᠠᠳᠴᠢᠯᠠᠭᠰᠡᠨ ᠨᠠᠮ ᠪᠦᠯᠦᠭ᠂ ᠲᠤᠭᠤᠷᠢᠭ ᠤᠨ ᠳᠠᠩᠰᠠ ᠡᠪᠬᠡᠮᠡᠯ ᠤᠨ ᠲᠤᠪᠴᠢᠶ᠎ᠠ᠂ ᠬᠠᠶᠢᠷᠤᠪ ᠤᠨ ᠲᠤᠬᠤᠢ ᠳᠠᠬᠢ ᠤᠯᠤᠰ ᠤᠨ ᠨᠤᠳᠤᠭ ᠳᠡᠪᠢᠰᠭᠡᠷ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ ︵ᠭᠠᠵᠠᠷ ᠰᠢᠷᠤᠢ ᠶᠢᠨ ᠬᠡᠰᠡᠭ︶᠂ ᠬᠠᠶᠢᠷᠤᠪ ᠤᠨ ᠲᠤᠬᠤᠢ ᠳᠠᠬᠢ ᠲᠦᠯᠦᠪᠵᠢᠭᠦᠯᠭᠡ ᠶᠢᠨ ᠬᠤᠪᠢᠶᠠᠷᠢ ᠲᠤᠪᠴᠢᠶ᠎ᠠ᠂ ᠤᠯᠤᠰ ᠪᠤᠯᠤᠨ ᠤᠷᠤᠨ ᠨᠤᠳᠤᠭ ᠤᠨ ᠭᠠᠶᠢᠯᠢ ᠶᠢᠨ ᠲᠤᠭᠤᠷᠢᠭ ᠳᠤ ᠰᠠᠭᠤᠭ᠎ᠠ ᠡᠯ᠎ᠡ ᠨᠢᠭᠡᠴᠡ᠂ ᠲᠤᠭᠤᠷᠢᠭ ᠎ ᠳᠤ ᠰᠠᠭᠤᠭ᠎ᠠ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ  ᠵᠡᠷᠭᠡ ᠨᠢᠭᠡᠴᠡ ᠲᠠᠢ ᠬᠠᠷᠢᠯᠴᠠᠬᠤ ᠶᠢ ᠬᠠᠷᠢᠭᠤᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号