ᠲᠢᠶᠠᠨ ᡁᠢ ᠵᠦᠩ
ᠨᠡᠶᠢᠲᠡᠯᠡᠭᠰᠡᠨ ᠴᠠᠭ᠄
2018-11-27
     ᠲᠢᠶᠠᠨ ᡁᠢ ᠵᠦᠩ᠂ ᠡᠷᠡᠭᠲᠠᠢ᠂ ᠬᠢᠲᠠᠳ ᠦᠨᠳᠦᠰᠦᠲᠡᠨ᠂ 1969 ᠤᠨ ᠤ 9 ᠳ᠋ᠤᠭᠡᠷ ᠰᠠᠷ᠎ᠠ ᠳᠤ ᠱᠠᠨ ᠰᠢ ᠮᠤᠵᠢ ᠶᠢᠨ ᠭᠤᠸᠠᠩ ᠯᠢᠩ ᠳᠤ ᠲᠦᠷᠦᠪᠡ᠂ 1991 ᠤᠨ ᠤ 9 ᠳ᠋ᠤᠭᠡᠷ ᠰᠠᠷ᠎ᠠ ᠳᠤ ᠠᠵᠢᠯ ᠳᠤ ᠤᠷᠤᠯᠴᠠᠵᠦ᠂ 1997 ᠤᠨ ᠤ 6 ᠳ᠋ᠤᠭᠠᠷ ᠰᠠᠷ᠎ᠠ ᠳᠤ ᠡᠪ ᠬᠠᠮᠳᠤ ᠨᠠᠮ ᠳᠤ ᠡᠯᠰᠡᠭᠳᠡᠪᠡ᠂ ᠵᠠᠯᠠᠨ ᠠᠶᠢᠯ ᠬᠤᠲᠡ ᠶᠢᠨ ᠤᠢ ᠰᠢᠭᠤᠢ ᠶᠢᠨ ᠰᠤᠷᠭᠠᠭᠤᠯᠢ ᠶᠢᠨ ᠤᠢ ᠰᠢᠭᠤᠢ ᠶᠢᠨ ᠲᠤᠰᠬᠠᠢ ᠮᠡᠷᠭᠡᠵᠢᠯ ᠠᠴᠠ ᠲᠡᠭᠦᠰᠴᠦ᠂ ᠠᠵᠢᠯ ᠤᠨ ᠪᠠᠶᠢᠷᠢ ᠶᠢᠨ ᠳᠡᠭᠡᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠳᠡᠷ ᠲᠠᠢ᠂ ᠤᠳᠤ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ᠂ ᠭᠠᠵᠠᠷ ᠲᠠᠲᠠᠪᠦᠷᠢᠯᠠᠨ ᠨᠤᠷᠠᠭᠠᠵᠦ ᠨᠡᠭᠦᠯᠭᠡᠬᠦ ᠲᠤᠪᠴᠢᠶ᠎ᠠ ᠶᠢᠨ ᠲᠤᠪᠴᠢᠶᠠᠨ ᠳᠠᠷᠤᠭ᠎ᠠ᠃      ᠠᠵᠢᠯ ᠤᠨ ᠬᠤᠪᠢᠶᠠᠷᠢᠯᠠᠯ᠄ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠢ ᠬᠠᠪᠰᠤᠷᠤᠨ ᠲᠠᠷᠢᠶᠠᠯᠠᠩ ᠮᠠᠯ ᠠᠵᠦ ᠠᠬᠤᠢ᠂ ᠤᠢ ᠮᠤᠳᠤ᠂ ᠤᠰᠤᠨ ᠠᠰᠢᠭᠯᠠᠯᠲᠠ᠂ ᠶᠠᠳᠠᠭᠤ ᠢ ᠲᠡᠳᠭᠦᠵᠦ ᠪᠤᠭᠤᠮᠲᠡ ᠰᠢᠪᠳᠤᠯᠬᠤ᠂ ᠦᠡᠳᠤᠰᠤᠲᠡᠨ ᠱᠠᠰᠢᠨ ᠰᠤᠷᠳᠠᠬᠤᠨ᠂ ᠠᠷᠠᠳ ᠤᠨ ᠶᠠᠪᠤᠳᠠᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠎ ᠤᠨ ᠪᠠᠳᠤᠯᠠᠭ᠎ᠠ ᠵᠡᠷᠭᠡ ᠠᠵᠢᠯ ᠢ ᠬᠠᠷᠢᠭᠤᠴᠠᠵᠦ᠂ ᠦᠡᠳᠤᠰᠤᠲᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠤᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ ᠤ ᠲᠤᠪᠴᠢᠶ᠎ᠠ᠂ ᠶᠠᠳᠠᠭᠤ ᠶᠢ  ᠲᠡᠳᠭᠦᠵᠦ ᠨᠡᠬᠡᠬᠡᠨ ᠬᠦᠭᠵᠢᠭᠦᠯᠬᠦ ᠠᠯᠪᠠᠨ ᠭᠡᠷ᠂ ᠠᠮᠢ ᠠᠬᠤᠢ ᠶᠢᠨ ᠬᠠᠳᠠᠭᠠᠯᠠᠨ ᠬᠠᠮᠠᠭᠠᠯᠠᠬᠤ ᠤᠷᠤᠨ ᠤ ᠬᠠᠮᠢᠶᠠᠷᠤᠯᠲᠠ ᠶᠢᠨ ᠠᠯᠪᠠᠨ ᠭᠡᠷ᠂ ᠦᠨᠳᠤᠷ ᠪᠦᠳᠦᠮᠵᠢᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠡᠷᠭᠡ ᠨᠢᠭᠡᠴᠡ ᠶᠢ ᠬᠤᠪᠢᠳᠠᠨ ᠬᠠᠮᠢᠶᠠᠷᠴᠦ᠂ ᠲᠤᠭᠤᠷᠢᠭ ᠤᠨ ᠠᠷᠠᠳ ᠤᠨ ᠵᠡᠪᠰᠡᠭᠳᠤ ᠬᠦᠴᠦᠨ ᠤ ᠬᠡᠯᠲᠡᠰ᠂ ᠴᠡᠭᠡᠯ ᠠᠭᠤᠯᠠ ᠪᠠᠯᠭᠠᠰᠤ᠂ ᠲᠤᠭᠤᠷᠢᠭ ᠤᠨ ᠨᠠᠮ ᠤᠨ ᠬᠤᠷᠢᠶᠠᠨ ᠤ ᠠᠬᠠᠮᠡᠳ ᠺᠠᠲᠠᠷᠴᠤᠳ ᠤᠨ ᠲᠤᠪᠴᠢᠶ᠎ᠠ᠂ ᠲᠤᠭᠤᠷᠢᠭ ᠤᠨ ᠤᠷᠤᠨ ᠲᠤᠭᠠᠨ ᠤ ᠠᠯᠪᠠᠨ ᠭᠡᠷ᠂ ᠲᠤᠭᠤᠷᠢᠭ ᠤᠨ ᠵᠡᠮᠳᠡᠭᠴᠤᠳ ᠎ ᠤᠨ ᠬᠤᠯᠪᠤᠭ᠎ᠠ᠂ ᠲᠤᠭᠤᠷᠢᠭ ᠤᠨ ᠤᠯᠠᠭᠠᠨ ᠵᠭᠠᠯᠮᠠᠶᠢᠲᠡᠨ ᠤ ᠡᠪᠯᠡᠯ ᠵᠡᠷᠭᠡ ᠨᠢᠭᠡᠴᠡ ᠲᠠᠢ ᠬᠠᠷᠢᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号