ᠯᠢᠦ ᠯᠢ ᠴᠧᠩ
ᠨᠡᠶᠢᠲᠡᠯᠡᠭᠰᠡᠨ ᠴᠠᠭ᠄
2018-11-27
     ᠯᠢᠦ ᠯᠢ ᠴᠧᠩ᠂ ᠡᠷᠡᠭᠲᠠᠢ᠂ ᠬᠢᠲᠠᠳ ᠦᠨᠳᠦᠰᠦᠲᠡᠨ᠂ 1974 ᠤᠨ ᠤ 2 ᠳ᠋ᠤᠭᠠᠷ ᠰᠠᠷ᠎ᠠ ᠳᠤ ᠦᠪᠤᠷ ᠮᠤᠩᠭᠤᠯ ᠤᠨ ᠬᠠᠩᠬᠢᠨ ᠬᠤᠶᠢᠳᠤ ᠬᠤᠰᠢᠭᠤᠨ ᠳᠤ ᠲᠦᠷᠦᠪᠡ᠂ 1994 ᠤᠨ ᠤ 8 ᠳ᠋ᠤᠭᠠᠷ ᠰᠠᠷ᠎ᠠ ᠳᠤ ᠠᠵᠢᠯ ᠎ ᠳᠤ ᠤᠷᠤᠯᠴᠠᠵᠦ᠂ 1997 ᠤᠨ ᠤ 7 ᠳ᠋ᠤᠭᠠᠷ ᠰᠠᠷ᠎ᠠ ᠳᠤ ᠡᠪ ᠬᠠᠮᠳᠤ ᠨᠠᠮ ᠳᠤ ᠡᠯᠰᠡᠭᠳᠡᠪᠡ᠂ ᠦᠪᠤᠷ ᠮᠤᠩᠭᠤᠯ ᠎ ᠤᠨ ᠨᠠᠮ ᠤᠨ ᠰᠤᠷᠭᠠᠭᠤᠯᠢ ᠶᠢᠨ ᠤᠯᠡᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠦ᠂ ᠤᠳᠤ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ᠂ ᠬᠠᠶᠢᠷᠤᠪ ᠤᠨ ᠲᠤᠬᠤᠢ ᠳᠠᠬᠢ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠤᠪᠴᠢᠶᠠᠨ ᠳᠠᠷᠤᠭ᠎ᠠ᠃      ᠠᠵᠢᠯ ᠤᠨ ᠬᠤᠪᠢᠶᠠᠷᠢᠯᠠᠯ᠄  ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠢ ᠬᠠᠪᠰᠤᠷᠤᠨ ᠨᠡᠶᠢᠭᠡᠮ ᠎ ᠤᠨ ᠲᠤᠭᠲᠠᠭᠤᠨ ᠢ ᠬᠠᠮᠠᠭᠠᠯᠠᠬᠤ᠂ ᠬᠠᠤᠯᠢ ᠴᠠᠭᠠᠵᠠ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠦ᠂ ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠠᠵᠢᠯ ᠢ ᠡᠷᠬᠢᠯᠡᠵᠦ᠂ ᠲᠤᠭᠤᠷᠢᠭ ᠤᠨ ᠬᠠᠤᠯᠢ ᠴᠠᠭᠠᠵᠠ ᠤᠨ ᠲᠤᠪᠴᠢᠶ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ ᠎ ᠢ ᠬᠤᠪᠢᠳᠠᠨ ᠬᠠᠮᠢᠶᠠᠷᠴᠦ᠂ ᠶᠠᠩ ᠴᠢᠩ ᠶᠤᠸᠠᠨ ᠳᠡᠳ᠋ ᠲᠤᠭᠤᠷᠢᠭ ᠤᠨ ᠳᠠᠷᠤᠭ᠎ᠠ ᠢ ᠬᠠᠪᠰᠤᠷᠤᠨ ᠵᠠᠬᠢᠳᠠᠯ ᠰᠤᠷᠪᠤᠯᠵᠢᠯᠠᠭ᠎ᠠ ᠶᠢ ᠡᠵᠡᠮᠳᠡᠬᠦ ᠶᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠭᠠᠯ ᠤᠨᠳᠠᠷᠠᠭᠠᠬᠤ ᠶᠡᠭᠡ ᠠᠩᠬᠢ᠂ ᠬᠠᠶᠢᠷᠤᠪ ᠤᠨ ᠲᠤᠬᠤᠢ ᠶᠢᠨ ᠵᠠᠮ ᠤᠨ ᠴᠠᠭᠳᠠᠭᠠᠨ ᠤ ᠶᠡᠭᠡ ᠠᠩᠬᠢ ᠲᠠᠢ ᠬᠠᠷᠢᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号