ᠯᠢᠦ ᠯᠢ ᠴᠧᠩ᠂ ᠡᠷᠡᠭᠲᠠᠢ᠂ ᠬᠢᠲᠠᠳ ᠦᠨᠳᠦᠰᠦᠲᠡᠨ᠂ 1974 ᠤᠨ ᠤ 2 ᠳ᠋ᠤᠭᠠᠷ ᠰᠠᠷ᠎ᠠ ᠳᠤ ᠦᠪᠤᠷ | ᠮᠤᠩᠭᠤᠯ ᠤᠨ ᠬᠠᠩᠬᠢᠨ ᠬᠤᠶᠢᠳᠤ ᠬᠤᠰᠢᠭᠤᠨ ᠳᠤ ᠲᠦᠷᠦᠪᠡ᠂ 1994 ᠤᠨ ᠤ 8 ᠳ᠋ᠤᠭᠠᠷ ᠰᠠᠷ᠎ᠠ ᠳᠤ ᠠᠵᠢᠯ | ᠳᠤ ᠤᠷᠤᠯᠴᠠᠵᠦ᠂ 1997 ᠤᠨ ᠤ 7 ᠳ᠋ᠤᠭᠠᠷ ᠰᠠᠷ᠎ᠠ ᠳᠤ ᠡᠪ ᠬᠠᠮᠳᠤ ᠨᠠᠮ ᠳᠤ ᠡᠯᠰᠡᠭᠳᠡᠪᠡ᠂ ᠦᠪᠤᠷ ᠮᠤᠩᠭᠤᠯ | ᠤᠨ ᠨᠠᠮ ᠤᠨ ᠰᠤᠷᠭᠠᠭᠤᠯᠢ ᠶᠢᠨ ᠤᠯᠡᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠦ᠂ | ᠤᠳᠤ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ᠂ | ᠬᠠᠶᠢᠷᠤᠪ ᠤᠨ ᠲᠤᠬᠤᠢ ᠳᠠᠬᠢ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠨᠠᠮ ᠤᠨ ᠬᠤᠷᠢᠶᠠᠨ ᠤ | ᠱᠦᠵᠢ᠂ ᠲᠤᠪᠴᠢᠶᠠᠨ ᠳᠠᠷᠤᠭ᠎ᠠ᠃ | ᠠᠵᠢᠯ ᠤᠨ ᠬᠤᠪᠢᠶᠠᠷᠢᠯᠠᠯ᠄ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠢ ᠬᠠᠪᠰᠤᠷᠤᠨ ᠨᠡᠶᠢᠭᠡᠮ | ᠤᠨ ᠲᠤᠭᠲᠠᠭᠤᠨ ᠢ ᠬᠠᠮᠠᠭᠠᠯᠠᠬᠤ᠂ ᠬᠠᠤᠯᠢ ᠴᠠᠭᠠᠵᠠ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠵᠦ᠂ ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠠᠵᠢᠯ ᠢ ᠡᠷᠬᠢᠯᠡᠵᠦ᠂ | ᠲᠤᠭᠤᠷᠢᠭ ᠤᠨ ᠬᠠᠤᠯᠢ ᠴᠠᠭᠠᠵᠠ ᠤᠨ ᠲᠤᠪᠴᠢᠶ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ | ᠢ ᠬᠤᠪᠢᠳᠠᠨ ᠬᠠᠮᠢᠶᠠᠷᠴᠦ᠂ ᠶᠠᠩ ᠴᠢᠩ ᠶᠤᠸᠠᠨ ᠳᠡᠳ᠋ ᠲᠤᠭᠤᠷᠢᠭ ᠤᠨ ᠳᠠᠷᠤᠭ᠎ᠠ ᠢ ᠬᠠᠪᠰᠤᠷᠤᠨ ᠵᠠᠬᠢᠳᠠᠯ | ᠰᠤᠷᠪᠤᠯᠵᠢᠯᠠᠭ᠎ᠠ ᠶᠢ ᠡᠵᠡᠮᠳᠡᠬᠦ ᠶᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠭᠠᠯ ᠤᠨᠳᠠᠷᠠᠭᠠᠬᠤ ᠶᠡᠭᠡ ᠠᠩᠬᠢ᠂ | ᠬᠠᠶᠢᠷᠤᠪ ᠤᠨ ᠲᠤᠬᠤᠢ ᠶᠢᠨ ᠵᠠᠮ ᠤᠨ ᠴᠠᠭᠳᠠᠭᠠᠨ ᠤ ᠶᠡᠭᠡ ᠠᠩᠬᠢ ᠲᠠᠢ ᠬᠠᠷᠢᠯᠴᠠᠨ᠎ᠠ᠃ |