ᠤᠷᠠᠨ ᠪᠢᠴᠢᠯᠭᠡ ᠶᠢᠨ ᠤᠷᠠᠯᠢᠭ ᠤᠨ ᠲᠦᠪ
ᠨᠡᠶᠢᠲᠡᠯᠡᠭᠰᠡᠨ ᠴᠠᠭ᠄
2018-11-30
     ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠤᠷᠳᠤᠨ ᠦᠪᠤᠷ ᠮᠤᠩᠭᠤᠯ ᠎ ᠤᠨ ᠦᠬᠠᠢ ᠬᠤᠲᠡ ᠶᠢᠨ ᠪᠢᠨ ᠾᠧ ᠲᠤᠭᠤᠷᠢᠭ ᠤᠨ ᠰᠢᠤᠸᠠᠢ ᠹᠦ᠋ ᠵᠡᠭᠡᠯᠢ ᠶᠢᠨ ᠬᠤᠶᠢᠨ᠎ᠠ ᠪᠠᠶᠢᠷᠢᠯᠠᠵᠦ᠂ 160.5 ᠮᠤ᠋ ᠭᠠᠵᠠᠷ ᠡᠵᠡᠯᠡᠨ᠂ ᠪᠠᠶᠢᠭᠤᠯᠤᠭᠰᠡᠨ ᠲᠠᠯᠠᠪᠠᠢ ᠨᠢ 7.6 ᠲᠦᠮᠡᠨ ᠺᠦᠸᠠᠳ᠋ ᠮᠧᠲᠷ᠂ 2009 ᠤᠨ ᠳᠤ ᠲᠦᠯᠦᠪᠯᠡᠨ ᠵᠢᠷᠤᠵᠦ᠂ 2010 ᠤᠨ ᠠᠴᠠ ᠡᠬᠢᠯᠡᠨ ᠪᠠᠶᠢᠭᠤᠯᠵᠠᠢ᠃ ᠪᠦᠬᠦᠶᠢᠯᠡ ᠪᠠᠷᠢᠯᠭ᠎ᠠ ᠨᠢ ᠲᠡᠭᠰᠢ ᠲᠦᠷᠪᠡᠯᠵᠢᠨ ᠬᠡᠯᠪᠡᠷᠢ ᠢᠶᠠᠷ ᠭᠤᠤᠯᠠᠯᠵᠦ᠂ ᠵᠤᠰᠤᠳᠤ ᠠᠭᠤᠯᠠ ᠶᠢᠨ ᠬᠠᠳᠠᠨ ᠵᠢᠷᠤᠭ ᠤᠨ ᠲᠦᠯᠦᠭᠡᠯᠡᠭᠴᠢ ᠪᠦᠳᠦᠭᠡᠯ ︽ᠨᠠᠷᠠᠨ ᠤ ᠰᠠᠬᠢᠭᠤᠯᠰᠤᠨ︾᠎ ᠤ ᠬᠡ ᠤᠭᠠᠯᠵᠠ ᠢᠶᠠᠷ ᠬᠦᠮᠦᠭᠡᠷ ᠰᠢᠯ ᠤᠨ ᠤᠷᠤᠢ ᠶᠢ ᠪᠦᠷᠬᠦᠵᠦ᠂ ᠲᠡᠭᠷᠢ ᠲᠦᠭᠦᠷᠢᠭ ᠭᠠᠵᠠᠷ ᠤᠨ ᠪᠠᠷᠢᠯᠭ᠎ᠠ ᠤᠨ ᠪᠦᠳᠤᠴᠡ ᠶᠢ ᠪᠦᠷᠢᠯᠳᠤᠭᠦᠯᠵᠠᠢ᠃ ︽ᠲᠡᠭᠷᠢ ᠪᠠ ᠬᠦᠮᠦᠨ ᠤ ᠨᠢᠭᠡᠳᠤᠯ︾᠂ ︽ᠤᠶᠤᠨ ᠬᠠᠳᠠᠨ ᠬᠠᠷᠢᠯᠴᠠᠨ ᠨᠦᠬᠦᠪᠦᠷᠢᠯᠠᠭᠰᠠᠨ︾ ᠬᠡᠯᠪᠡᠷᠢ ᠶᠢᠨ ᠭᠤᠸ᠎ᠠ ᠰᠠᠶᠢᠬᠠᠨ ᠪᠠ ᠤᠷᠠᠯᠢᠭ ᠤᠨ ᠭᠤᠸ᠎ᠠ ᠰᠠᠶᠢᠬᠠᠨ ᠢ ᠢᠯᠡᠳᠭᠡᠵᠠᠢ᠃      ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠤᠷᠳᠤᠨ ᠪᠤᠯ ᠤᠳᠤᠬᠠᠨ ᠎ ᠳᠤ ᠪᠠᠶᠢᠭᠤᠯᠤᠭᠰᠡᠨ ᠪᠦᠬᠦ ᠤᠯᠤᠰ ᠤᠨ ᠳᠠᠩ ᠪᠡᠶᠡᠳᠤ ᠪᠠᠷᠢᠯᠭ᠎ᠠ ᠶᠢᠨ ᠬᠠᠮᠤᠭ ᠤᠨ ᠶᠡᠭᠡ ᠤᠷᠠᠨ ᠪᠢᠴᠢᠯᠭᠡ ᠶᠢᠨ ᠤᠷᠠᠯᠢᠭ ᠤᠨ ᠲᠠᠩᠬᠢᠮ᠃ ᠤᠷᠳᠤᠨ ᠳᠤ ᠡᠯ᠎ᠡ ᠵᠦᠢᠯ ᠤᠨ ᠦᠵᠡᠭᠦᠯᠦᠯᠭᠡ ᠶᠢᠨ ᠲᠢᠩᠬᠢᠮ 38 ᠲᠤᠬᠢᠷᠠᠭᠤᠯᠤᠨ᠂ ᠦᠨ᠎ᠡ ᠬᠠᠶᠠᠵᠦ ᠬᠤᠳᠠᠯᠳᠤᠬᠤ ᠲᠢᠩᠬᠢᠮ 1᠂ ᠵᠦᠴᠦᠭᠡ ᠤᠨ ᠲᠢᠩᠬᠢᠮ ᠬᠢᠭᠡᠳ ᠲᠤᠮᠦ ᠬᠤᠷᠠᠯ ᠤᠨ ᠲᠢᠩᠬᠢᠮ 1᠂ ᠤᠯᠠᠨ ᠦᠢᠯᠡᠳᠤᠯᠭᠡᠳᠤ ᠲᠢᠩᠬᠢᠮ 2᠂ ᠤᠯᠠᠨ ᠦᠢᠯᠡᠳᠤᠯᠭᠡᠳᠤ ᠪᠤᠯᠪᠠᠰᠤᠷᠠᠯ ᠤᠨ ᠲᠠᠰᠤᠭ 9᠂ ᠤᠷᠳᠤᠨ ᠳᠤ 6000 ᠭᠠᠷᠤᠢ ᠡᠯ᠎ᠡ ᠲᠦᠷᠦᠯ ᠤᠨ ᠵᠢᠷᠤᠭ ᠪᠦᠳᠦᠭᠡᠯ ᠢ ᠬᠠᠮᠳᠤ ᠳᠤᠨᠢ ᠳᠡᠯᠭᠡᠨ ᠦᠵᠡᠭᠦᠯᠵᠦ ᠴᠢᠳᠠᠨ᠎ᠠ᠃ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠤᠷᠳᠤᠨ ᠪᠦᠬᠦ ᠤᠯᠤᠰ ᠲᠤ ᠬᠠᠨᠳᠤᠭᠤᠯᠤᠨ᠂ ᠤᠷᠠᠨ ᠪᠢᠴᠢᠯᠭᠡ᠂ ᠤᠷᠠᠨ ᠵᠢᠷᠤᠭ ᠤᠨ ᠦᠵᠡᠭᠦᠯᠭᠡ᠂ ᠰᠢᠨᠵᠢᠬᠦ᠂ ᠰᠤᠷᠭᠠᠨ ᠬᠦᠮᠦᠵᠢᠯ᠂ ᠪᠤᠯᠪᠠᠰᠤᠷᠠᠯ᠂ ᠰᠤᠯᠢᠯᠴᠠᠬᠤ᠂ ᠠᠷᠠᠯᠵᠢᠶᠠᠯᠠᠬᠤ᠂ ᠤᠷᠠᠨ ᠵᠢᠷᠤᠭ ᠤᠨ ᠬᠡᠪᠯᠡᠯ ᠤᠨ ᠡᠷᠬᠡ ᠶᠢ ᠳᠠᠩᠰᠠᠯᠠᠬᠤ ᠪᠦᠭᠡᠨ ᠬᠠᠮᠠᠭᠠᠯᠠᠬᠤ ᠶᠢ ᠨᠢᠭᠡ ᠴᠤᠭᠴᠠᠵᠢᠭᠤᠯᠤᠭᠰᠡᠨ ᠤᠯᠤᠰ ᠤᠨ ᠳᠡᠰ ᠶᠢᠨ ᠤᠷᠠᠨ ᠵᠢᠷᠤᠭ ᠤᠨ ᠭᠤᠤᠯ ᠰᠡᠳᠤᠪᠳᠤ ᠤᠷᠳᠤᠨ᠃      ᠬᠦᠭᠵᠢᠯ ᠤᠨ ᠬᠠᠨᠳᠤᠰᠢ᠄ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠤᠷᠳᠤᠨ ᠪᠤᠯᠤᠨ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠲᠠᠢ ᠬᠠᠮᠳᠤᠷᠠᠨ ᠤᠷᠠᠨ ᠪᠢᠴᠢᠯᠭᠡ ᠎ ᠶᠢᠨ ᠳᠡᠯᠭᠡᠨ ᠦᠵᠡᠭᠦᠯᠦᠯᠭᠡ᠂ ᠰᠤᠳᠤᠨ ᠪᠦᠳᠤᠭᠡᠯ ᠡᠭᠦᠳᠬᠦ᠂ ᠪᠤᠯᠪᠠᠰᠤᠷᠠᠯ᠂ ᠰᠤᠯᠢᠯᠴᠬᠤ ᠲᠠᠪᠴᠠᠩ ᠢ ᠪᠠᠶᠢᠭᠤᠯᠵᠦ᠂ ᠲᠤᠮᠳᠠᠳᠤ ᠤᠯᠤᠰ ᠤᠨ ︽ᠪᠠᠶᠢᠭᠠᠯᠢ ᠶᠢᠨ ᠳᠠᠭᠤᠨ︾ ᠲᠤᠰᠤᠨ ᠪᠤᠳᠤᠭ ᠤᠨ ᠵᠢᠷᠤᠭ ᠤᠷᠠᠯᠢᠭ ᠤᠨ ᠰᠤᠳᠤᠯᠭᠠᠨ ᠲᠠᠢ ᠬᠤᠯᠪᠤᠭᠠᠯᠠᠨ ᠳᠡᠭᠡᠳᠤ ᠳᠡᠰ ᠤᠨ ᠪᠦᠳᠤᠭᠡᠯ ᠡᠭᠦᠳᠬᠦ᠂ ᠰᠢᠵᠢᠯᠡᠬᠦ᠂ ᠦᠵᠡᠭᠦᠯᠦᠯᠭᠡ ᠶᠢᠨ ᠲᠠᠪᠴᠠᠩ ᠪᠠᠶᠢᠭᠤᠯᠵᠦ᠂ ᠯᠢ ᠺᠧ ᠷᠠᠨ ᠤᠷᠠᠯᠢᠭ ᠤᠨ ᠰᠠᠭᠤᠷᠢ ᠮᠦᠩᠭᠦᠨ ᠤ ᠨᠡᠶᠢᠭᠡᠮᠯᠢᠭ ᠲᠠᠢ ᠬᠤᠯᠪᠤᠭᠠᠯᠠᠨ ᠳᠤᠮᠳᠠᠳᠤ ᠤᠯᠤᠰ ᠤᠨ ᠠᠭᠤᠯᠠ ᠤᠰᠤᠨ ᠤ ᠵᠢᠷᠤᠭ ᠢ ᠬᠠᠭᠤᠯᠤᠨ ᠵᠢᠷᠤᠬᠤ ᠶᠢ ᠡᠷᠬᠢᠮᠡᠯᠳᠡᠭ ᠪᠦᠭᠡᠳ ᠰᠤᠯᠢᠯᠴᠠᠭᠠᠨ ᠎ ᠤ ᠲᠠᠪᠴᠠᠩ ᠪᠠᠶᠢᠭᠤᠯᠵᠦ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠨ ᠵᠢᠷᠤᠭ ᠤᠨ ᠨᠡᠷᠡᠳᠤ ᠬᠦᠮᠦᠰ ᠎ ᠤᠨ ᠳᠠᠩᠰᠠ ᠡᠪᠬᠡᠮᠡᠯ ᠪᠠᠶᠢᠭᠤᠯᠵᠦ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠨ ᠵᠢᠷᠤᠭ ᠤᠨ ᠨᠡᠷᠡᠳᠤ ᠬᠦᠮᠦᠰ ᠤᠨ ᠪᠠᠶᠢᠴᠠᠭᠠᠨ ᠯᠠᠪᠯᠠᠬᠤ᠂ ᠬᠠᠷᠢᠯᠴᠠᠬᠤ᠂ ᠰᠤᠯᠢᠯᠴᠠᠭᠠᠨ ᠤ ᠲᠠᠪᠴᠠᠩ ᠢ ᠪᠠᠶᠢᠭᠤᠯᠵᠦ᠂ ᠳᠤᠮᠳᠠᠳᠤ ᠤᠯᠤᠰ ᠤᠨ ᠤᠷᠠᠨ ᠵᠢᠷᠤᠭ ᠤᠨ  ᠬᠡᠪᠯᠡᠯ ᠤᠨ ᠡᠷᠬᠡ ᠶᠢᠨ ᠳᠠᠩᠰᠯᠠᠯᠲᠡ᠂ ᠬᠠᠮᠠᠭᠠᠯᠠᠬᠤ ᠪᠠ ᠠᠷᠠᠯᠵᠢᠶᠠᠨ ᠤ ᠲᠤᠭᠠᠨ ᠲᠠᠪᠴᠠᠩ᠂ ᠬᠠᠲᠤᠨ ᠭᠤᠤᠯ ᠤᠨ ᠭᠡᠷᠡᠯᠳᠤ ᠰᠤᠪᠤᠳ ᠦᠬᠠᠢ ᠶᠢᠨ ᠤᠷᠠᠨ ᠪᠢᠴᠢᠯᠭᠡ ᠶᠢᠨ ᠤᠷᠠᠯᠢᠭ ᠤᠨ ᠪᠠᠶᠠᠷ᠂ ᠤᠯᠠᠨ ᠤᠯᠤᠰ ᠤᠨ ᠤᠷᠠᠨ ᠪᠢᠴᠢᠯᠭᠡ ᠤᠨ ᠠᠵᠦ ᠦᠢᠯᠡᠰ ᠤᠨ ᠦᠵᠡᠰᠭᠦᠯᠡᠩ ᠤᠨ ᠴᠤᠭᠯᠠᠭᠠᠨ ᠢᠶᠠᠷ ᠠᠴᠢᠶᠠᠯᠠᠪᠦᠷᠢ ᠪᠤᠯᠭᠠᠵᠦ᠂ ᠳᠤᠮᠳᠠᠳᠤ ᠤᠯᠤᠰ ᠤᠨ ᠤᠷᠠᠨ ᠵᠢᠷᠤᠭ ᠤᠨ ᠦᠢᠯᠡᠰ ᠤᠨ ᠠᠷᠠᠯᠵᠢᠶᠠᠯᠠᠬᠤ ᠲᠠᠪᠴᠠᠩ ᠢ ᠪᠠᠶᠢᠭᠤᠯᠤᠨ᠎ᠠ᠃ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠤᠷᠳᠤᠨ ᠰᠤᠶᠤᠯ ᠤᠷᠠᠯᠢᠭ ᠢᠶᠠᠨ ᠢᠳᠡᠪᠬᠢᠲᠠᠢ ᠪᠠᠳᠠᠷᠠᠭᠤᠯᠵᠦ᠂ ᠬᠤᠲᠡ ᠶᠢᠨ ᠴᠢᠨᠠᠷᠲᠠᠢ ᠳᠠᠶᠢᠴᠢᠯᠠᠬᠤ ᠦᠢᠯᠡᠳᠤᠯ ᠢ ᠳᠡᠭᠡᠭᠰᠢᠯᠡᠭᠦᠯᠦᠨ᠂ ᠪᠦᠬᠦ ᠤᠯᠤᠰ ᠎ ᠤᠨ ᠭᠤᠤᠯᠳᠠᠯᠭ᠎ᠠ ᠲᠠᠢ ᠤᠷᠠᠨ ᠵᠢᠷᠤᠭ ᠤᠨ ᠤᠷᠳᠤᠨ ᠪᠤᠯᠭᠠᠬᠤ ᠪᠠᠷ ᠴᠢᠷᠮᠠᠶᠢᠬᠤ ᠪᠦᠭᠡᠳ ᠤᠷᠠᠨ ᠪᠢᠴᠢᠯᠭᠡ ᠶᠢᠨ ᠴᠡᠴᠡᠷᠯᠢᠭ ᠲᠠᠢ ᠬᠠᠮᠳᠤᠷᠠᠨ ᠤᠯᠤᠰ ᠤᠨ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠠᠶᠢᠭᠤᠯᠵᠦ᠂ ᠤᠯᠤᠰ ᠤᠨ ᠳᠡᠰ ᠤᠨ ᠰᠤᠶᠤᠯ ᠤᠨ ᠠᠵᠦ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠬᠢᠯᠡᠨ ᠪᠠᠶᠢᠭᠤᠯᠬᠤ ᠪᠠᠷ ᠳᠡᠭᠡᠭᠰᠢ ᠮᠡᠳᠡᠭᠦᠯᠪᠡ᠃

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号