ᠦᠬᠠᠢ ᠶᠢᠨ ᠨᠡᠭᠦᠷᠡᠰᠦᠨ ᠮᠦᠽᠸᠢ
ᠨᠡᠶᠢᠲᠡᠯᠡᠭᠰᠡᠨ ᠴᠠᠭ᠄
2018-11-30
    ᠦᠬᠠᠢ ᠶᠢᠨ ᠨᠡᠭᠦᠷᠡᠰᠦᠨ ᠮᠦᠽᠸᠢ ᠬᠠᠶᠢᠷᠤᠪ ᠤᠨ ᠲᠤᠬᠤᠢ ᠲᠤᠭᠤᠷᠢᠭ ᠤᠨ ᠱᠤᠸᠠᠩ ᠶᠦᠩ ᠵᠡᠭᠡᠯᠢ ᠶᠢᠨ ᠡᠮᠦᠨ᠎ᠡ ᠲᠠᠯ᠎ᠠ᠂ ᠦᠬᠠᠢ ᠶᠢᠨ ᠱᠧᠨ ᠬᠤᠸᠠ ᠮᠤᠸᠧ ᠢᠤᠢ ᠲᠠᠯᠠᠪᠠᠢ ᠳᠤ ᠪᠠᠶᠢᠷᠢᠯᠠᠵᠦ᠂ ᠪᠠᠷᠢᠯᠭ᠎ᠠ ᠶᠢᠨ ᠲᠠᠯᠠᠪᠠᠢ 2305 m2᠂ ᠮᠦᠽᠸᠢ ᠶᠢᠨ ᠭᠤᠤᠯ ᠴᠤᠭᠴᠠᠳᠤ ᠪᠠᠷᠢᠯᠭ᠎ᠠ ᠨᠢ ᠨᠡᠶᠢᠲᠡ ᠭᠤᠷᠪᠠᠨ ᠳᠠᠪᠬᠤᠷᠭ᠎ᠠ᠂ ᠡᠭᠦᠨ ᠳᠤ ᠨᠢᠭᠡ᠂ ᠬᠤᠶᠠᠳᠤᠭᠠᠷ ᠲᠠᠪᠬᠤᠷᠭ᠎ᠠ ᠨᠢ ᠳᠡᠯᠭᠡᠨ ᠦᠵᠡᠭᠦᠯᠤᠭᠡ ᠶᠢᠨ ᠲᠢᠩᠬᠢᠮ᠂ ᠭᠤᠷᠪᠠᠳᠤᠭᠠᠷ ᠲᠢᠩᠬᠢᠮ ᠨᠢ ᠠᠯᠪᠠᠨ ᠭᠡᠷ ᠪᠤᠯᠤᠨ ᠳᠠᠭᠠᠯᠳᠠ ᠭᠡᠷ᠂ ᠪᠠᠷᠢᠯᠭ᠎ᠠ ᠶᠢᠨ ᠭᠠᠳᠠᠷ ᠬᠡᠯᠪᠡᠷᠢ ᠨᠢ ᠡᠷᠤᠳᠡᠰᠦ ᠶᠢᠨ ᠳᠠᠯᠠᠰᠳᠤ ᠬᠡᠯᠪᠡᠷᠢ ᠲᠠᠢ᠂ ᠨᠢᠭᠡᠳᠤᠭᠡᠷ ᠲᠠᠪᠬᠤᠷᠭ᠎ᠠ ᠨᠢ ᠴᠢᠯᠠᠭᠤᠨ ᠬᠡᠷᠡᠮ᠂ ᠬᠤᠶᠠᠳᠤᠭᠠᠷ ᠲᠠᠪᠬᠤᠷᠭ᠎ᠠ ᠨᠢ ᠪᠦᠬᠦ ᠰᠢᠯ ᠬᠠᠨ᠎ᠠ ᠪᠤᠯᠤᠨ᠎ᠠ᠃      ᠨᠢᠭᠡ ᠮᠢᠩᠭ᠎ᠠ ᠶᠢᠰᠤᠨ ᠵᠠᠭᠤ ᠳᠠᠯᠠᠨ ᠵᠢᠷᠭᠤᠭᠠᠨ ᠤᠨ ᠤ ᠨᠢᠭᠡᠳᠤᠭᠡᠷ ᠰᠠᠷ᠎ᠠ ᠶᠢᠨ ᠠᠷᠪᠠᠨ ᠤ ᠡᠳᠤᠷ᠂ ᠰᠢᠨ᠎ᠡ ᠳᠤᠮᠳᠠᠳᠤ ᠤᠯᠤᠰ ᠤᠨ ᠨᠤᠳᠤᠭ ᠳᠡᠪᠢᠰᠭᠡᠷ ᠳᠡᠭᠡᠷ᠎ᠡ ᠨᠢᠭᠡᠨ ᠴᠥ᠋ ᠰᠢᠨ᠎ᠡ ᠨᠡᠷ᠎ᠡ —— ᠦᠬᠠᠢ ᠭᠡᠵᠦ ᠪᠤᠢ ᠪᠤᠯᠤᠭᠰᠠᠨ ᠶᠤᠮ᠃ ᠬᠠᠭᠠᠰ ᠵᠠᠭᠤᠨ ᠤ ᠨᠡᠬᠡᠬᠡᠯᠲᠡ᠂ ᠪᠦᠳᠤᠭᠡᠨ ᠪᠠᠶᠢᠭᠤᠯᠤᠯᠲᠡ ᠢᠶᠠᠷ ᠳᠠᠮᠵᠢᠨ᠂ ᠦᠨᠤᠳᠤᠷ ᠎ ᠤᠨ ᠦᠬᠠᠢ ᠨᠢᠭᠡᠨᠲᠡ ᠡᠨᠧᠷᠬᠢ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠦ ᠦᠢᠯᠡᠳᠪᠦᠷᠢ᠂ ᠦᠪᠡᠷᠮᠢᠴᠠ ᠲᠡᠮᠦᠷᠯᠢᠭ ᠬᠠᠶᠢᠯᠤᠭᠤᠯᠬᠤ ᠠᠵᠦ ᠦᠢᠯᠡᠳᠪᠦᠷᠢ ᠵᠡᠷᠭᠡ ᠠᠵᠦ ᠠᠬᠤᠶᠢᠯᠠᠯ ᠢᠶᠠᠷ ᠲᠤᠯᠭᠠᠭᠤᠷᠢᠯᠠᠭᠰᠠᠨ ᠰᠢᠨ᠎ᠡ ᠮᠠᠶ᠋ᠢᠭ ᠎ ᠤᠨ ᠠᠵᠦ ᠦᠢᠯᠡᠳᠪᠦᠷᠢ ᠶᠢᠨ ᠬᠤᠲᠡ ᠪᠤᠯᠵᠦ᠂ ᠬᠠᠳᠤᠨ ᠭᠤᠤᠯ ᠤᠨ ᠬᠦᠪᠡᠭᠡᠨ᠎ᠡ ᠰᠡᠭᠦᠶᠢᠨ ᠰᠦᠨᠳᠡᠷᠯᠡᠵᠦ᠂ ᠦᠪᠤᠷ ᠮᠤᠩᠭᠤᠯ ᠤᠨ ᠳᠠᠯ᠎ᠠ ᠨᠤᠳᠤᠭ ᠳᠡᠭᠡᠷ᠎ᠡ ᠨᠢᠭᠡᠨ ᠮᠦᠬᠦᠯᠢᠭ ᠭᠡᠷᠡᠯᠳᠤ ᠳᠠᠨ᠎ᠠ ᠰᠢᠭ᠋ ᠭᠢᠯᠠᠯᠵᠠᠵᠦ ᠪᠠᠶᠢᠨ᠎ᠠ᠃ ᠦᠬᠠᠢ ᠶᠢᠨ ᠨᠡᠬᠡᠬᠡᠨ ᠠᠰᠢᠭᠯᠠᠵᠦ᠂ ᠪᠦᠳᠤᠭᠡᠨ ᠪᠠᠶᠢᠭᠤᠯᠤᠭᠰᠡᠨ ᠲᠡᠤᠬᠡ ᠨᠢ ᠡᠬᠡ ᠤᠷᠤᠨ ᠤ ᠭᠦᠨ ᠬᠠᠶᠢᠷ᠎ᠠ᠂ ᠡᠬᠡ ᠪᠠᠶᠢᠭᠠᠯᠢ ᠶᠢᠨ ᠵᠤᠵᠠᠭᠠᠨ ᠬᠡᠰᠢᠭ᠂ ᠠᠷᠠᠳ ᠲᠦᠮᠡᠨ ᠤ ᠡᠭᠦᠳᠤᠨ ᠪᠦᠲᠦᠭᠡᠬᠦ ᠤᠶᠤᠨ ᠴᠢᠳᠠᠪᠤᠷᠢ ᠶᠢᠨ ᠨᠢᠭᠳᠠᠷᠠᠯ ᠪᠤᠯᠬᠤ ᠶᠤᠮ᠃ ᠤᠭ ᠢ ᠨᠢ ᠡᠷᠢᠵᠦ᠂ ᠦᠨᠳᠤᠰᠦ ᠶᠢ ᠨᠢ ᠬᠡᠯᠡᠪᠡᠯ᠂ ᠦᠬᠠᠢ ᠨᠡᠭᠦᠷᠡᠰᠦ ᠲᠠᠢ ᠯᠠ ᠪᠠᠶᠢᠭᠰᠠᠨ ᠠᠴᠠ ᠪᠤᠢ ᠪᠤᠯᠵᠦ᠂ ᠨᠡᠭᠦᠷᠡᠰᠦ ᠲᠠᠢ ᠯᠠ ᠪᠠᠶᠢᠭᠰᠠᠨ ᠠᠴᠠ ᠬᠦᠭᠵᠢᠨ ᠪᠠᠳᠠᠷᠠᠭᠰᠠᠨ ᠶᠤᠮ᠃ ᠨᠡᠬᠦᠷᠡᠰᠦᠨ ᠠᠵᠦ ᠦᠢᠯᠡᠳᠪᠦᠷᠢ ᠶᠢᠨ ᠬᠦᠭᠵᠢᠯᠲᠡ ᠨᠢ ᠦᠬᠠᠢ ᠶᠢᠨ ᠠᠯᠢᠪᠠ ᠦᠢᠯᠡᠰ ᠬᠦᠭᠵᠢᠨ ᠮᠠᠨᠳᠤᠬᠤ ᠶᠢᠨ ᠦᠨᠳᠤᠰᠤᠨ ᠬᠦᠳᠡᠯᠭᠡᠬᠦ ᠬᠦᠴᠦᠨ ᠤ ᠡᠬᠢ ᠰᠤᠷᠪᠤᠯᠵᠢ᠂ ᠦᠬᠠᠢ ᠶᠢᠨ ᠭᠠᠵᠠᠷ ᠨᠤᠳᠤᠭ ᠲᠠᠴᠢᠷ ᠪᠤᠶᠢᠲᠡ ᠪᠠᠶᠢᠭᠰᠠᠨ ᠠᠴᠠ ᠴᠡᠴᠡᠭᠯᠡᠨ ᠬᠦᠭᠵᠢᠬᠦ ᠶᠢᠨ ᠡᠬᠢ ᠪᠤᠯᠠᠭ ᠪᠤᠯᠤᠭᠰᠠᠨ ᠶᠤᠮ᠃ ᠲᠡᠷᠡ ᠨᠢ ᠡᠨᠡᠬᠦ ᠬᠤᠲᠡ ᠶᠢᠨ ᠭᠦᠨ ᠵᠤᠵᠠᠭᠠᠨ ᠰᠤᠶᠤᠯ ᠢ ᠡᠭᠦᠷᠭᠡᠯᠡᠵᠦ᠂ ᠦᠬᠠᠢ ᠶᠢᠨ ᠠᠷᠠᠳ ᠲᠦᠮᠡᠨ ᠤ ᠰᠡᠳᠬᠢᠯ ᠵᠢᠷᠤᠬᠡᠨ ᠳᠤ ᠦᠨᠢᠲᠡ ᠪᠠᠯᠠᠷᠠᠰᠢ ᠦᠭᠡᠢ ᠭᠡᠷᠡᠯ ᠰᠠᠴᠤᠷᠠᠩᠭᠤᠢ ᠰᠠᠭᠤᠭᠳᠠᠯ ᠪᠤᠯᠬᠤ ᠶᠤᠰᠤᠲᠠᠢ᠃ ᠬᠠᠭᠠᠰ ᠵᠠᠭᠤᠨ ᠤ ᠲᠤᠷᠰᠢᠬᠢ ᠲᠡᠤᠬᠡᠨ ᠶᠠᠪᠤᠴᠠ ᠳᠤ ᠦᠬᠠᠢ ᠶᠢᠨ ᠨᠡᠭᠦᠷᠡᠰᠦᠨ ᠠᠵᠦ ᠦᠢᠯᠡᠳᠪᠦᠷᠢ ᠪᠤᠯᠤᠨ ᠬᠤᠲᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠰᠦᠯ ᠬᠦᠭᠵᠢᠯ ᠪᠠ ᠬᠠᠳᠠᠭᠤ ᠪᠡᠷᠬᠡᠰᠢᠶᠡᠯ᠂ ᠦᠷᠨᠢᠯ ᠪᠠᠳᠠᠷᠠᠯ ᠪᠠ ᠴᠡᠴᠡᠭᠯᠡᠯᠲᠡ ᠶᠢ ᠡᠷᠭᠢᠴᠡᠭᠦᠯᠤᠨ ᠪᠤᠳᠤᠬᠤᠶ᠎ᠠ᠂ ᠨᠡᠶᠢᠭᠡᠮ ᠵᠢᠷᠤᠮᠳᠤ ᠪᠦᠲᠦᠭᠡᠨ ᠪᠠᠶᠢᠭᠤᠯᠤᠯᠲᠡ ᠶᠢᠨ ᠦᠷᠨᠢᠯᠲᠡ ᠳᠤᠮᠳᠠ᠂ ᠦᠭᠡᠷᠡᠴᠢᠯᠡᠯᠲᠡ ᠨᠡᠬᠡᠬᠡᠯᠲᠡ ᠶᠢᠨ ᠤᠨ ᠵᠢᠯ ᠤᠳ ᠴᠤ ᠭᠡᠰᠡᠨ ᠠᠭᠤᠷᠬᠠᠢ ᠶᠢᠨ ᠠᠵᠢᠯᠴᠢᠳ ᠶᠡᠷᠤ ᠨᠢ ︽ᠤᠨᠴᠠ ᠶᠡᠭᠡ ᠪᠠᠶᠢᠯᠳᠤᠬᠤ ᠬᠦᠴᠦᠨ ᠲᠠᠢ︾ ᠠᠮᠢ ᠴᠦᠯᠡᠨ ᠲᠡᠮᠡᠴᠡᠬᠦ ᠵᠤᠷᠢᠭ ᠰᠠᠨᠠᠭ᠎ᠠ ᠶᠢ ᠪᠠᠳᠠᠷᠠᠭᠤᠯᠤᠨ᠂ ᠴᠠᠭ ᠡᠷᠢᠨ ᠤ ᠭᠡᠷᠡᠯ ᠭᠢᠯᠪᠠᠭ᠎ᠠ ᠲᠠᠢ᠂ ᠳᠡᠯᠡᠬᠡᠢ ᠶᠢᠨ ᠬᠦᠮᠦᠰ ᠢ ᠰᠤᠴᠢᠭᠠᠮ᠎ᠠ ᠭᠠᠶᠢᠬᠠᠮᠰᠢᠭ ᠤᠳ ᠢ ᠡᠭᠦᠳᠤᠨ ᠪᠦᠲᠦᠭᠡᠭᠰᠡᠨ ᠭᠡᠳᠡᠭ ᠢ ᠬᠦᠮᠦᠰ ᠤᠯᠵᠦ ᠬᠠᠷᠠᠬᠤ ᠪᠤᠯᠤᠨ᠎ᠠ᠃ ᠬᠡᠷᠪᠡ ᠨᠡᠭᠦᠷᠡᠰᠦ ᠶᠢ ᠨᠠᠷᠠᠨ ᠤ ᠴᠢᠯᠠᠭᠤ ᠭᠡᠵᠦ ᠦᠵᠡᠨ᠂ ᠨᠡᠭᠦᠷᠡᠰᠦᠨ ᠠᠭᠤᠷᠬᠠᠢ ᠶᠢᠨ ᠠᠵᠢᠯᠴᠢᠳ ᠢ ᠨᠠᠷᠠᠨ ᠤ ᠰᠠᠬᠢᠭᠤᠯᠰᠤᠨ ᠲᠠᠢ ᠠᠳᠠᠯᠢ ᠭᠡᠵᠦ ᠵᠤᠶᠢᠷᠯᠡᠪᠡᠯ᠂ ᠦᠬᠠᠢ ᠶᠢᠨ ᠨᠡᠭᠦᠷᠡᠰᠦᠨ ᠠᠵᠦ ᠦᠢᠯᠡᠳᠪᠦᠷᠢ ᠪᠠ ᠬᠤᠲᠡ ᠶᠢᠨ ᠪᠦᠲᠦᠭᠡᠨ ᠪᠠᠶᠢᠭᠤᠯᠤᠯᠲᠠ ᠶᠢᠨ ᠲᠡᠤᠬᠡ ᠨᠢ ᠰᠦᠮᠪᠤᠷ ᠠᠭᠤᠯᠠ ᠮᠡᠳᠤ ᠰᠦᠨᠳᠡᠷᠯᠡᠵᠦ᠂ ᠰᠦᠨ ᠳᠠᠯᠠᠢ ᠰᠢᠭ᠋ ᠴᠠᠯᠬᠢᠯᠠᠭᠰᠡᠨ ᠨᠠᠷᠠᠨ ᠤ ᠰᠠᠬᠢᠭᠤᠯᠰᠤᠨ ᠤ ᠤᠶᠠᠩᠭᠠᠯᠠᠯ ᠤᠨ ᠳᠠᠭᠤᠨ ᠪᠤᠯᠬᠤ ᠶᠤᠮ᠃

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号