ᠦᠵᠤᠮ ‍ᠤᠨ‌ᠮᠦ᠋ᠽᠸᠢ
ᠨᠡᠶᠢᠲᠡᠯᠡᠭᠰᠡᠨ ᠴᠠᠭ᠄
2018-11-30
    ᠦᠬᠠᠢ ᠶᠢᠨ ᠦᠵᠤᠮ ᠤᠨ ᠠᠷᠢᠬᠢᠨ ᠤ ᠮᠦᠽᠸᠢ ᠪᠤᠯ ᠠᠷᠢᠬᠢᠨ ᠰᠤᠶᠤᠯ ᠢ ᠤᠯᠠᠮᠵᠢᠯᠠᠬᠤ ᠪᠠᠷ ᠭᠤᠤᠯ ᠪᠤᠯᠭᠠᠭᠰᠡᠨ ᠲᠤᠰᠬᠠᠢ ᠰᠡᠳᠤᠪᠳᠤ ᠴᠢᠨᠠᠷᠲᠠᠢ ᠮᠦᠽᠸᠢ᠂ ᠪᠠᠷᠢᠯᠭ᠎ᠠ ᠶᠢᠨ ᠲᠠᠯᠠᠪᠠᠢ ᠨᠢ 1900 m2᠂ ᠭᠤᠤᠯ ᠪᠠᠷᠢᠯᠭ᠎ᠠ ᠨᠢ ᠨᠡᠶᠢᠲᠡ 5 ᠲᠠᠪᠬᠤᠷᠭ᠎ᠠ ︵ᠭᠠᠵᠠᠷ ᠳᠤᠤᠷ᠎ᠠ ᠨᠢᠭᠡ ᠲᠠᠪᠬᠤᠷᠭ᠎ᠠ ᠲᠠᠢ︶᠂ ᠡᠭᠦᠨ ᠳᠤ ᠨᠢᠭᠡ᠂ ᠬᠤᠶᠠᠷ ᠂ ᠭᠤᠷᠪᠠᠳᠤᠭᠠᠷ ᠲᠠᠪᠬᠤᠷᠠᠭ᠎ᠠ ᠨᠢ ᠦᠵᠡᠭᠦᠯᠦᠯᠭᠡ ᠶᠢᠨ ᠬᠡᠰᠡᠭ᠂ ᠲᠦᠷᠪᠡᠳᠤᠭᠡᠷ ᠲᠠᠪᠬᠤᠷᠭ᠎ᠠ ᠨᠢ ᠠᠷᠢᠬᠢᠨ ᠪᠠᠭᠠᠷ᠂ ᠰᠦᠭᠡᠷᠡᠬᠦ‍ ᠨᠢᠭᠡ ᠲᠠᠪᠬᠤᠷᠭ᠎ᠠ ᠨᠢ ᠦᠵᠤᠮ ᠤᠨ ᠠᠷᠢᠬᠢ ᠬᠠᠳᠠᠭᠠᠯᠠᠬᠤ ᠪᠤᠯᠤᠨ ᠠᠮᠳᠠᠯᠠᠬᠤ ᠤᠷᠤᠨ᠂ ᠪᠠᠷᠢᠯᠭ᠎ᠠ ᠶᠢᠨ ᠭᠠᠳᠠᠷ ᠬᠡᠯᠪᠡᠷᠢ ᠨᠢ ᠶᠠᠭ ᠯᠠ ᠮᠤᠳᠤᠨ ᠰᠠᠭᠤᠯᠠᠭ᠎ᠠ ᠬᠡᠯᠪᠡᠷᠢ ᠲᠠᠢ᠃ ᠮᠦᠽᠸᠢ ᠨᠢ ᠪᠤᠳᠠᠳᠤ ᠡᠳ᠋᠂ ᠵᠢᠷᠤᠭ᠂ ᠱᠤᠭᠤᠮᠠᠯ᠂ ᠤᠯᠠᠨ ᠵᠠᠭᠤᠴᠢᠳᠤ᠂ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠯᠲᠠ ᠬᠢᠬᠦ᠂ ᠦᠵᠤᠮ ᠲᠠᠷᠢᠵᠦ ᠪᠠᠶᠢᠭ᠎ᠠ ᠡᠯ᠎ᠡ ᠱᠠᠳᠤ ᠦᠶ᠎ᠡ᠂ ᠵᠤᠭᠠᠴᠠᠭᠰᠡᠳ ᠲᠤ ᠠᠮᠳᠠᠳᠤ ᠠᠷᠢᠬᠢ ᠠᠮᠳᠠᠯᠠᠭᠤᠯᠬᠤ ᠵᠡᠷᠭᠡ ᠠᠷᠭ᠎ᠠ ᠬᠡᠯᠪᠡᠷᠢ ᠢᠶᠠᠷ ᠦᠵᠤᠮ ᠎ ᠤᠨ ᠠᠷᠢᠬᠢ ᠪᠤᠯᠤᠨ ᠦᠵᠤᠮ ᠤᠨ ᠠᠷᠢᠬᠢᠨ ᠤ ᠰᠤᠶᠤᠯ ᠮᠡᠳᠡᠯᠭᠡ ᠶᠢ ᠤᠯᠠᠮᠵᠢᠯᠠᠨ ᠳᠡᠯᠭᠡᠷᠡᠭᠦᠯᠵᠦ᠂ ᠡᠬᠦᠨ ᠤ ᠤᠯᠠᠮ ᠠᠴᠠ ᠮᠦᠽᠸᠢ ᠶᠢᠨ ᠬᠠᠳᠠᠭᠠᠯᠠᠨ ᠬᠤᠷᠢᠶᠠᠬᠤ᠂ ᠦᠵᠡᠭᠦᠯᠦᠯᠭᠡ᠂ ᠰᠤᠳᠤᠯᠬᠤ᠂ ᠰᠤᠷᠭᠠᠨ ᠬᠦᠮᠦᠵᠢᠭᠦᠯᠬᠦ ᠵᠡᠷᠭᠡ ᠴᠢᠳᠠᠮᠵᠢ ᠶᠢ ᠪᠡᠶᠡᠯᠡᠭᠦᠯᠤᠨ᠎ᠡ᠃ ᠲᠡᠤᠬᠡ ᠶᠢ ᠡᠷᠭᠢᠴᠡᠭᠦᠯᠤᠨ᠂ ᠬᠠᠷᠠᠭ᠎ᠠ ᠪᠠᠨ ᠦᠷᠭᠡᠳᠭᠡᠵᠦ᠂ ᠢᠷᠡᠭᠡᠳᠤᠢ ᠎ ᠪᠠᠨ ᠪᠠᠷᠠᠯᠠᠬᠤᠶ᠎ᠠ᠂ ᠲᠡᠭᠦᠨ ᠢ ᠦᠬᠠᠢ ᠬᠤᠲᠡ ᠶᠢᠨ ᠨᠢᠭᠡᠨ ᠨᠡᠷᠡᠳᠤ ᠲᠦᠷᠤᠯ ᠲᠡᠮᠲᠡᠭᠳᠤ ᠶᠢᠨ ᠦᠪᠡᠷᠮᠢᠴᠠ ᠤᠨᠴᠠᠯᠢᠭ ᠪᠦᠬᠦᠢ ᠰᠤᠶᠤᠯ ᠤᠨ ᠦᠵᠡᠮᠵᠢ᠂ ᠨᠢᠭᠡᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠦᠮᠦᠵᠢᠯ ᠤᠨ ᠬᠦᠷᠢᠶᠡᠯᠡᠩ᠂ ᠬᠦᠮᠦᠰ ᠤᠨ ᠦᠵᠤᠮ ᠤᠨ ᠠᠷᠢᠬᠢᠨ ᠤ ᠲᠠᠨᠢᠯᠲᠠ ᠪᠠᠨ ᠳᠡᠭᠡᠭᠰᠢᠯᠡᠭᠦᠯᠬᠦ ᠶᠢᠨ ᠲᠦᠯᠦᠭᠡ ᠡᠭᠦᠳᠤᠨ ᠪᠦᠳᠤᠭᠡᠭᠰᠡᠨ ᠨᠢᠭᠡᠨ ᠲᠠᠪᠴᠠᠩ ᠪᠤᠯᠤᠨ᠎ᠠ᠃

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号