ᠬᠠᠶᠢᠷᠣᠪ ᠤᠨ ᠲᠣᠬᠤᠢ ᠲᠣᠭᠤᠷᠢᠭ ᠤᠨ ᠴᠢᠶᠠᠨ ᠯᠢ ᠱᠠᠨ ᠪᠠᠯᠭᠠᠰᠣᠨ ᠤ ᠸᠠᠩ ᠶᠤᠸᠠᠨ ᠳ᠋ᠢ ᠲᠣᠰᠬᠤᠨ ᠣᠨᠴᠠᠯᠢᠭᠲᠦ ᠬᠦᠳᠡᠭᠡ ᠲᠣᠰᠬᠤᠨ ᠤ ᠵᠢᠭᠤᠯᠴᠢᠯᠠᠯ ᠤᠨ ᠨᠡᠷᠡᠲᠦ ᠲᠡᠮᠳᠡᠭ ᠶᠢ ᠴᠣᠭᠴᠠᠯᠠᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠲᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠵᠦ᠂ ᠬᠦᠳᠡᠭᠡ ᠲᠣᠰᠬᠤᠨ ᠢ ᠬᠦᠭᠵᠢᠭᠦᠯᠪᠡ
ᠨᠡᠶᠢᠲᠡᠯᠡᠭᠰᠡᠨ ᠴᠠᠭ᠄
2018-12-14
     ᠬᠠᠶᠢᠷᠣᠪ ᠤᠨ ᠲᠣᠬᠤᠢ ᠲᠣᠭᠤᠷᠢᠭ ᠤᠨ ᠴᠢᠶᠠᠨ ᠯᠢ ᠱᠠᠨ ᠪᠠᠯᠭᠠᠰᠣᠨ ᠤ ᠸᠠᠩ ᠶᠤᠸᠠᠨ ᠳ᠋ᠢ ᠲᠣᠰᠬᠤᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠣᠨᠴᠠᠯᠢᠭᠲᠦ ᠬᠦᠳᠡᠭᠡ ᠲᠣᠰᠬᠤᠨ ᠤ ᠵᠢᠭᠤᠯᠴᠢᠯᠠᠯ ᠤᠨ ᠨᠡᠷᠡᠲᠦ ᠲᠡᠮᠳᠡᠭ ᠶᠢ ᠴᠣᠭᠴᠠᠯᠠᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠎ ᠪᠠᠨ ᠨᠡᠮᠡᠭᠲᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠵᠦ᠂ ᠬᠦᠳᠡᠭᠡ ᠲᠣᠰᠬᠤᠨ ᠢ ᠭᠦᠭᠵᠢᠭᠦᠯᠵᠤ ᠪᠠᠶᠢᠨ᠎ᠠ᠃      ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂  ᠸᠠᠩ ᠶᠤᠸᠠᠨ ᠳ᠋ᠢ ᠲᠤᠰᠬᠤᠨ ᠬᠤᠲᠠ ᠪᠠᠯᠭᠠᠰᠤ ᠶᠢ ᠦᠵᠡᠮᠵᠢ ᠶᠢᠨ ᠣᠷᠣᠨ ᠪᠣᠯᠭᠠᠬᠤ ᠵᠠᠮ ᠢᠶᠠᠷ ᠵᠠᠮᠨᠠᠵᠦ᠂ ︽ᠷᠦᠨ ᠰᠧᠨ︾ ᠰᠣᠷᠭᠠᠨ ᠬᠦᠮᠦᠵᠢᠯ ᠤᠨ ᠰᠠᠭᠤᠷᠢᠨ ᠭᠠᠵᠠᠷ᠂ ᠲᠧᠩ ᠬᠤᠢ ᠲᠠᠷᠢᠶᠠᠯᠠᠩ ᠤᠨ ᠡᠳ᠋ᠯᠡᠩ᠂  ᠳ᠋ᠠᠨ ᠳ᠋ᠠᠨ ᠲᠠᠷᠢᠶᠠᠯᠠᠩ ᠤᠨ ᠡᠳ᠋ᠯᠡᠩ ᠵᠡᠷᠭᠡ 6 ᠣᠨᠴᠠᠯᠢᠭᠲᠦ ᠡᠳ᠋ᠯᠡᠩ ᠢ ᠪᠠᠶᠢᠭᠤᠯᠵᠦ᠂ ᠬᠤᠩ ᠰᠢᠩ ᠲᠠᠷᠢᠵᠦ ᠲᠡᠵᠢᠭᠡᠬᠦ ᠲᠣᠰᠬᠠᠢ ᠬᠤᠷᠰᠢᠶᠠᠵᠢᠯ ᠢ ᠪᠠᠶᠢᠭᠤᠯᠵᠦ᠂ ᠨᠢᠭᠡ ᠤᠳᠠᠭ᠎ᠠ ᠳᠤ 2 ᠮᠢᠩᠭ᠎ᠠ ᠣᠷᠴᠢᠮ ᠤᠨ ᠵᠢᠭᠤᠯᠴᠢᠯᠠᠭᠴᠢᠳ ᠢ ᠬᠦᠯᠢᠶᠡᠨ ᠵᠤᠴᠢᠯᠠᠵᠤ ᠳᠡᠶᠢᠯᠦᠨ᠎ᠡ᠃ ᠦᠩᠭᠡᠷᠡᠭᠰᠡᠨ ᠤ ᠠᠵᠦ ᠦᠢᠯᠡᠰ ᠪᠠᠷ ᠲᠠᠩ ᠴᠣᠯᠭᠤᠢ ᠲᠠᠷᠢᠶᠠᠯᠠᠬᠤ ᠲᠣᠰᠬᠤᠨ ᠪᠠᠶᠢᠭᠰᠠᠨ ᠠᠴᠠ ᠪᠠᠨ ᠣᠳᠣ ᠶᠢᠨ ᠵᠢᠭᠤᠯᠴᠢᠯᠠᠭᠰᠠᠳ ᠤᠨ ᠬᠦᠰᠡᠨ ᠵᠤᠷᠢᠬᠤ ᠰᠡᠯᠡᠭᠦᠴᠡᠯ ᠤᠨ ᠲᠣᠰᠬᠤᠨ ᠪᠤᠯᠤᠭᠰᠠᠨ ᠪᠠᠶᠢᠨ᠎ᠠ᠃
 
ᠢᠷᠡᠯᠲᠡ᠄ ᠦᠬᠠᠢ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号