ᠬᠠᠶᠢᠷᠤᠪ ᠤᠨ ᠲᠤᠬᠤᠢ ᠲᠤᠭᠤᠷᠢᠭ ᠤᠨ ᠬᠠᠮ ᠵᠠᠭᠤᠴᠢᠯᠠᠭᠤᠷ ᠤᠨ ᠲᠦᠪ ᠫᠠᠶᠢᠰᠠ ᠰᠡᠬᠦᠵᠦ ᠪᠠᠶᠢᠭᠤᠯᠤᠭᠳᠠᠬᠤ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2018-12-14
    12 ᠳ᠋ᠤᠭᠠᠷ ᠰᠠᠷ᠎ᠠ ᠶᠢᠨ 10᠎ ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠬᠠᠮ ᠵᠠᠭᠤᠴᠢᠯᠠᠭᠤᠷ ᠎ ᠤᠨ ᠲᠦᠪ ᠫᠠᠶᠢᠰᠠ ᠰᠡᠬᠦᠵᠦ ᠪᠠᠶᠢᠭᠤᠯᠤᠭᠳᠠᠬᠤ ᠶᠤᠰᠤᠯᠠᠯ ᠶᠠᠪᠤᠭᠳᠠᠵᠤ᠂ ᠡᠨᠡ ᠨᠢ ᠮᠠᠨ ᠤ ᠬᠤᠲᠠ ᠶᠢᠨ ᠰᠤᠨᠢᠨ ᠮᠡᠳᠡᠭᠡ ᠤᠬᠠᠭᠤᠯᠭ᠎ᠠ ᠪᠤᠯᠤᠨ ᠬᠠᠮ ᠵᠠᠭᠤᠴᠢᠯᠠᠭᠤᠷ ᠤᠨ ᠪᠦᠲᠦᠭᠡᠨ ᠪᠠᠶᠢᠭᠤᠯᠤᠯᠲᠠ ᠰᠢᠨ᠎ᠡ ᠬᠦᠭᠵᠢᠯᠲᠡ ᠶᠢᠨ ᠱᠠᠲᠤ ᠦᠶ᠎ᠡ ᠳᠤ ᠤᠷᠤᠭᠰᠠᠨ ᠢ ᠬᠠᠷᠠᠭᠤᠯᠵᠤ ᠪᠠᠶᠢᠨ᠎ᠠ᠃      ᠤᠶᠢᠯᠠᠭᠠᠭᠰᠠᠨ ᠢᠶᠠᠷ᠂ ᠬᠠᠶᠢᠷᠤᠪ ᠤᠨ ᠲᠤᠬᠤᠢ ᠲᠤᠭᠤᠷᠢᠭ ᠤᠨ ᠬᠠᠮ ᠵᠠᠭᠤᠴᠢᠯᠠᠭᠤᠷ ᠤᠨ ᠲᠦᠪ ᠨᠢ ᠬᠠᠮ ᠵᠠᠭᠤᠴᠢᠯᠠᠭᠠᠷ ᠤᠨ ᠬᠦᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠪᠦᠬᠦ ᠴᠢᠳᠠᠮᠵᠢᠲᠤ ᠨᠠᠶᠢᠷᠠᠭᠤᠯᠤᠭᠴᠢ ᠰᠤᠷᠪᠤᠯᠵᠢᠯᠠᠭᠴᠢ ᠶᠢᠨ ᠡᠩᠨᠡᠭᠡ ᠶᠢ ᠴᠤᠭᠴᠠᠯᠠᠵᠤ᠂ ︽ᠨᠢᠭᠡ ᠤᠳᠠᠭ᠎ᠠ ᠰᠤᠷᠪᠤᠵᠢᠯᠠᠵᠤ᠂ ᠤᠯᠠᠨ ᠲᠠᠯ᠎ᠡ ᠠᠴᠠ ᠨᠠᠶᠢᠷᠠᠭᠤᠯᠬᠤ᠂ ᠤᠯᠠᠨ ᠲᠠᠪᠴᠠᠩ ᠢᠶᠠᠷ ᠨᠡᠶᠢᠲᠡᠯᠡᠬᠦ︾ ᠰᠤᠷᠪᠤᠯᠵᠢᠯᠠᠵᠤ ᠨᠠᠶᠢᠷᠠᠭᠤᠯᠬᠤ ᠶᠠᠪᠤᠴᠠ ᠶᠢ ᠠᠰᠢᠭᠯᠠᠵᠤ᠂ ︽2 +7 +X︾᠎ ᠤᠨ ᠪᠦᠬᠦ ᠵᠠᠭᠤᠴᠢᠯᠠᠭᠤᠷ ᠢᠶᠠᠷ ᠤᠬᠠᠭᠤᠯᠬᠤ ᠰᠠᠭᠤᠷᠢᠨ ᠭᠠᠵᠠᠷ ᠲᠤ ᠲᠦᠰᠢᠭᠯᠡᠵᠦ᠂ ᠢᠨᠲ᠋ᠧᠷ ᠰᠦᠯᠵᠢᠶ᠎ᠡ ᠶᠢᠨ ᠰᠡᠳᠭᠢᠬᠦᠢ ᠪᠠᠷ ᠰᠢᠭᠤᠳ ᠨᠡᠪᠲᠡᠷᠡᠭᠦᠯᠭᠡ᠂ ᠦᠢᠯᠡᠳᠦᠯᠴᠡᠯ᠂ ᠦᠪᠡᠷᠮᠢᠴᠡᠴᠢᠯᠡᠭᠰᠡᠨ ᠦᠵᠡᠭᠳᠡᠬᠦᠶᠢᠴᠡ ᠦᠰᠦᠭ ᠪᠢᠴᠢᠭ᠂ ᠵᠢᠷᠤᠭ᠂ ᠤᠬᠤᠷ ᠸᠢᠳᠢᠤ᠋ ᠵᠡᠷᠭᠡ ᠡᠯ᠎ᠡ ᠵᠦᠢᠯ ᠤᠨ ᠬᠡᠯᠪᠡᠷᠢ ᠪᠤᠯᠤᠨ ᠪᠠᠶᠢᠳᠠᠯ ᠢ ᠠᠰᠢᠭᠯᠠᠭᠰᠠᠨ ᠪᠦᠬᠦ ᠵᠠᠭᠤᠴᠢᠯᠠᠭᠤᠷ ᠤᠨ ᠪᠦᠲᠦᠭᠡᠭᠳᠡᠭᠦᠨ ᠢ ᠦᠢᠯᠡᠳᠬᠦ ᠪᠤᠯᠤᠨ᠎ᠠ᠃
 
ᠢᠷᠡᠯᠲᠡ᠄ ᠦᠬᠠᠢ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号