ᠵᠠᠷᠢᠮ ᠬᠦᠮᠦᠨ ᠣᠰᠣ ᠬᠠᠩᠭᠠᠬᠤ ᠺᠣᠮᠫᠠᠨᠢ ᠶᠢᠨ ᠠᠵᠢᠯᠲᠠᠨ ᠢᠶᠠᠷ ᠬᠠᠭᠤᠷᠮᠠᠭᠯᠠᠵᠦ ᠭᠡᠷ ᠲᠤ ᠤᠷᠤᠵᠦ᠂ ᠰᠠᠭᠤᠭᠠᠯᠢ ᠠᠷᠠᠳ ᠢ ᠮᠡᠬᠡᠯᠡᠵᠦ ᠪᠤᠢ
ᠨᠡᠶᠢᠲᠡᠯᠡᠭᠰᠡᠨ ᠴᠠᠭ᠄
2018-12-14
    ᠣᠶᠢᠷ᠎ᠠ ᠶᠢᠨ ᠡᠳᠦᠷ᠂ ᠬᠠᠶᠢᠷᠣᠪ ᠤᠨ ᠲᠤᠬᠤᠢ ᠶᠢᠨ ᠬᠤᠲᠠ ᠶᠢᠨ ᠣᠰᠣ ᠬᠠᠩᠭᠠᠬᠤ ᠬᠢᠵᠠᠭᠠᠷᠲᠦ ᠺᠤᠮᠫᠠᠨᠢ ᠎ ᠠᠴᠠ ᠠᠯᠪᠠᠨ ᠤ ᠸᠧᠴᠠᠲ ᠤᠨ ᠣᠯᠠᠨ ᠨᠡᠶᠢᠲᠡ ᠶᠢᠨ ᠲᠠᠪᠴᠠᠩ ᠳᠡᠭᠡᠷ᠎ᠡ᠂ ᠵᠠᠷᠢᠮ ᠬᠦᠮᠦᠨ ᠣᠰᠣ ᠬᠠᠩᠭᠠᠬᠤ ᠺᠣᠮᠫᠠᠨᠢ ᠶᠢᠨ ᠠᠵᠢᠯᠲᠠᠨ ᠢᠶᠠᠷ ᠬᠠᠭᠤᠷᠮᠠᠭᠯᠠᠵᠦ ᠭᠡᠷ ᠲᠤ ᠣᠷᠣᠨ ᠤᠰᠤᠨ ᠬᠤᠭᠤᠯᠠᠢ ᠲᠤᠤᠷ ᠢ ᠰᠡᠯᠪᠢᠨ ᠵᠠᠰᠠᠵᠦ᠂ ᠣᠰᠣ ᠴᠡᠪᠡᠷᠰᠢᠭᠦᠯᠬᠦ ᠮᠠᠰᠢᠨ ᠪᠣᠷᠣᠯᠠᠭᠤᠯᠬᠤ ᠵᠡᠷᠭᠡ ᠨᠡᠷ᠎ᠡ ᠪᠠᠷ ᠰᠠᠭᠤᠭᠠᠯᠢ ᠠᠷᠠᠳ ᠢ ᠮᠡᠬᠡᠯᠡᠵᠦ ᠪᠤᠢ ᠬᠡᠬᠦ ᠮᠡᠳᠡᠭᠳᠡᠯ ᠲᠠᠷᠬᠠᠭᠠᠵᠠᠢ᠃      ᠣᠰᠣ ᠬᠠᠩᠭᠠᠬᠤ ᠰᠠᠯᠠᠭ᠎ᠠ ᠮᠦᠴᠢᠷ ᠠᠴᠠ᠂ ᠣᠰᠣ ᠬᠠᠩᠭᠠᠬᠤ ᠺᠣᠮᠫᠠᠨᠢ ᠪᠣᠯ ᠠᠷᠠᠳ ᠤᠨ ᠠᠮᠢᠳᠣᠷᠠᠯ ᠤᠨ ᠦᠢᠯᠡᠴᠢᠯᠡᠭᠡᠨ ᠤ ᠠᠵᠦ ᠠᠬᠤᠶᠢᠯᠠᠯ ᠪᠠᠶᠢᠵᠦ᠂ ᠬᠡᠷᠡᠭᠯᠡᠭᠴᠢᠳ ᠲᠤ ᠦᠢᠯᠡᠴᠢᠯᠡᠬᠦ ᠪᠠᠷ ᠦᠨᠳᠦᠰᠦ ᠪᠤᠯᠭᠠᠨ᠂ ᠶᠠᠮᠠᠷᠪᠠ ᠪᠣᠷᠣᠯᠠᠭᠤᠯᠭ᠎ᠠ ᠶᠢᠨ ᠠᠷᠭ᠎ᠠ ᠮᠠᠶ᠋ᠢᠭ ᠢᠶᠠᠷ ᠠᠰᠢᠭ ᠬᠤᠨᠵᠢᠪᠤᠷᠢ ᠣᠯᠬᠤ ᠦᠭᠡᠢ᠃ ᠬᠤᠲᠠ ᠶᠢᠨ ᠠᠷᠠᠳ ᠰᠡᠷᠡᠮᠵᠢ ᠪᠠᠨ ᠳᠡᠭᠡᠭᠰᠢᠯᠡᠭᠦᠯᠵᠦ᠂ ᠮᠡᠬᠡᠯᠡᠭᠳᠡᠬᠦ ᠠᠴᠠ ᠬᠢᠴᠢᠶᠡᠭᠡᠷᠡᠢ︕ ᠲᠦᠭᠡᠭᠡᠯ ᠣᠰᠣᠨ ᠤ ᠬᠠᠮᠢᠶ᠎ᠠ ᠪᠦᠬᠦᠢ ᠠᠰᠠᠭᠤᠳᠠᠯ ᠢ ᠯᠠᠪᠯᠠᠬᠤ ᠴᠢᠬᠤᠯᠲᠠᠢ ᠪᠤᠯ 24 ᠴᠠᠭ ᠤᠨ ᠣᠰᠣ ᠬᠠᠩᠭᠠᠬᠤ ᠦᠢᠯᠡᠴᠢᠯᠡᠭᠡᠨ ᠤ ᠣᠳᠠᠰᠣ 6152781 ︵ᠬᠠᠶᠢᠷᠤᠪ ᠤᠨ ᠲᠤᠬᠤᠢ ᠲᠤᠭᠤᠷᠢᠭ︶ 2202330 ︵ᠣᠳᠠ ᠲᠤᠭᠤᠷᠢᠭ︶᠂ 4023443 ︵ᠬᠠᠶᠢᠨᠠᠨ ᠲᠤᠭᠤᠷᠢᠭ︶  ᠎ ᠠᠴᠠ ᠯᠠᠪᠯᠠᠵᠦ ᠪᠤᠯᠤᠨ᠎ᠠ ᠭᠡᠵᠦ ᠴᠢᠬᠤᠯᠴᠢᠯᠠᠯ᠎ᠠ᠃
 
ᠢᠷᠡᠯᠲᠡ᠄ ᠦᠬᠠᠢ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号