ᠠᠷᠪᠠᠨ ᠬᠤᠶᠠᠳᠤᠭᠠᠷ ᠰᠠᠷ᠎ᠠ ᠶᠢᠨ ᠭᠤᠷᠪᠠᠨ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ | ᠸᠠᠨ ᠵᠢᠶᠦ᠋ᠨ ᠮᠠᠨ ᠤ ᠲᠤᠭᠤᠷᠢᠭ ᠲᠤ ᠢᠷᠡᠵᠦ᠂ ᠬᠢᠨᠠᠨ ᠪᠠᠶᠢᠴᠠᠭᠠᠬᠤ ᠴᠢᠳᠠᠮᠵᠢ ᠶᠢ ᠦᠨᠳᠦᠰᠦᠨ ᠱᠠᠲᠤᠨ ᠳᠤ | ᠬᠦᠨᠵᠡᠭᠡᠶᠢᠷᠡᠬᠦᠯᠬᠦ ᠠᠵᠢᠯ ᠢ ᠰᠤᠲᠤᠯᠤᠨ ᠪᠠᠶᠢᠴᠠᠭᠠᠵᠠᠢ᠃ | ᠱᠢ ᠸᠠᠨ ᠵᠢᠶᠦ᠋ᠨ ᠤᠷᠢᠳ ᠬᠤᠵᠢᠳ ᠮᠠᠨ ᠤ ᠲᠤᠭᠤᠷᠢᠭ ᠤᠨ ᠬᠢᠨᠠᠨ ᠪᠠᠶᠢᠴᠠᠭᠠᠬᠤ ᠵᠦᠪᠯᠡᠯ ᠤᠨ | ᠲᠤᠮᠢᠯᠠᠭᠰᠠᠨ ᠴᠢᠶᠠᠨ ᠯᠢ ᠱᠠᠨ ᠪᠠᠯᠭᠠᠰᠤᠨ ᠤ ᠬᠢᠨᠠᠨ ᠪᠠᠶᠢᠴᠠᠭᠠᠬᠤ ᠠᠯᠪᠠᠨ ᠭᠡᠷ᠂ ᠪᠢᠨ ᠾᠧ ᠵᠡᠬᠡᠯᠢ ᠶᠢᠨ ᠬᠢᠨᠠᠨ | ᠪᠠᠶᠢᠴᠠᠭᠠᠬᠤ ᠠᠯᠪᠠᠨ ᠭᠡᠷ ᠲᠤ ᠬᠦᠷᠴᠦ᠂ ᠲᠤᠮᠢᠯᠠᠭᠰᠠᠨ ᠪᠠᠶᠢᠭᠤᠯᠭ᠎ᠠ ᠨᠢᠬᠡᠴᠢ ᠶᠢᠨ ᠫᠠᠶᠢᠰᠠ ᠡᠯᠬᠦᠭᠰᠡᠨ ᠪᠠᠶᠢᠳᠠᠯ᠂ | ᠠᠵᠢᠯᠳᠠᠨ ᠤᠨ ᠲᠤᠬᠢᠷᠠᠭᠤᠯᠤᠯᠲᠠ᠂ ᠲᠦᠷᠢᠮᠵᠢᠯ ᠤᠨ ᠪᠠᠶᠢᠭᠤᠯᠤᠯᠲᠠ ᠵᠡᠷᠭᠡ ᠠᠵᠢᠯ ᠤᠨ ᠠᠬᠢᠯᠳᠠ ᠶᠢᠨ ᠪᠠᠶᠢᠳᠠᠯ ᠢ | ᠨᠠᠷᠢᠯᠢᠭ ᠤᠶᠢᠯᠭᠠᠵᠦ᠂ ᠬᠤᠲᠠ ᠶᠢᠨ ᠰᠢᠭᠤᠳ ᠬᠠᠷᠢᠶ᠎ᠠ ᠭᠤᠷᠪᠠᠨ ᠲᠤᠭᠤᠷᠢᠭ ᠤᠨ ᠬᠢᠨᠠᠨ ᠪᠠᠶᠢᠴᠠᠭᠠᠬᠤ ᠴᠢᠳᠠᠮᠵᠢ | ᠶᠢ ᠦᠨᠳᠦᠰᠦᠨ ᠱᠠᠲᠤᠨ ᠳᠤ ᠬᠦᠨᠵᠡᠭᠡᠶᠢᠷᠡᠬᠦᠯᠬᠦ ᠠᠵᠢᠯ ᠤᠨ ᠠᠬᠢᠯᠳᠠ ᠶᠢᠨ ᠪᠠᠶᠢᠳᠠᠯ ᠤᠨ ᠬᠠᠷᠢᠭᠤ ᠮᠡᠲᠡᠭᠦᠯᠦᠯᠲᠡ | ᠶᠢ ᠰᠤᠨᠤᠰᠴᠠᠢ᠃ | ᠱᠢ ᠸᠠᠨ ᠵᠢᠶᠦ᠋ᠨ ᠵᠢᠭᠠᠬᠤ ᠳᠤ ᠪᠠᠨ᠂ ᠡᠯ᠎ᠡ ᠲᠤᠭᠤᠷᠢᠭ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ | ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠤᠨ ︽ᠬᠢᠨᠠᠨ | ᠪᠠᠶᠢᠴᠠᠭᠠᠬᠤ ᠴᠢᠳᠠᠮᠵᠢ ᠶᠢ ᠦᠨᠳᠦᠰᠦᠨ ᠱᠠᠲᠤᠨ ᠳᠤ ᠬᠦᠨᠵᠡᠭᠡᠶᠢᠷᠡᠬᠦᠯᠬᠦ ᠲᠤᠷᠰᠢᠯᠲᠠ ᠶᠢᠨ ᠴᠡᠭ ᠤᠨ ᠠᠵᠢᠯ ᠢ | ᠦᠷᠨᠢᠬᠦᠯᠬᠦ ᠲᠤᠬᠠᠢ ᠲᠦᠰᠦᠯ︾ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠠᠯᠠᠭᠤᠯᠤᠨ | ᠨᠠᠶᠢᠳᠠᠪᠤᠷᠢᠵᠢᠭᠤᠯᠵᠤ᠂ ᠵᠤᠬᠢᠶᠠᠨ ᠪᠠᠶᠢᠭᠤᠯᠤᠯᠲᠠ ᠶᠢᠨ ᠤᠲᠤᠷᠢᠳᠤᠯᠭ᠎ᠠ ᠪᠤᠯᠤᠨ ᠨᠢᠬᠡᠳᠦᠯᠲᠡᠢ ᠲᠤᠬᠢᠷᠠᠭᠤᠯᠤᠯᠲᠠ ᠶᠢ | ᠴᠢᠩᠭᠠᠳᠬᠠᠨ᠂ ᠠᠵᠢᠯᠳᠠᠨ ᠤ ᠠᠵᠢᠯ ᠤᠨ ᠤᠷᠤᠨ ᠪᠠᠶᠢᠷᠢ᠂ ᠺᠠᠳᠠᠷ ᠤᠨ ᠲᠤᠬᠢᠷᠠᠭᠤᠯᠤᠯᠲᠠ᠂ ᠠᠯᠪᠠᠯᠯᠠᠬᠤ ᠤᠷᠤᠨ | ᠲᠠᠯᠠᠪᠠᠢ ᠵᠢᠴᠢ ᠵᠠᠷᠤᠳᠠᠯ ᠮᠦᠩᠭᠦ ᠶᠢᠨ ᠪᠠᠲᠤᠯᠭ᠎ᠠ ᠵᠡᠷᠭᠡ ᠠᠰᠠᠭᠤᠳᠠᠯ ᠢ ᠬᠦᠨᠵᠡᠬᠡᠢ ᠰᠤᠲᠤᠯᠵᠦ᠂ ︽ᠬᠡᠨ ᠬᠢᠨᠠᠨ | ᠬᠠᠮᠢᠶᠠᠷᠬᠤ︾᠂ ︽ᠶᠠᠭᠤ ᠶᠢ ᠬᠢᠨᠠᠨ ᠬᠠᠮᠢᠶᠠᠷᠬᠤ︾᠂ ︽ᠶᠠᠭᠠᠬᠢᠵᠦ ᠬᠢᠨᠠᠨ ᠬᠠᠮᠢᠶᠠᠷᠬᠤ︾ ᠵᠡᠷᠭᠡ ᠠᠰᠠᠭᠤᠳᠠᠯ ᠢ | ᠨᠠᠷᠢᠨ ᠬᠢᠨᠠᠮᠠᠭᠠᠢ ᠰᠢᠢᠳᠪᠦᠷᠢᠯᠡᠨ᠂ ᠲᠤᠷᠰᠢᠯᠲᠠ ᠶᠢᠨ ᠴᠡᠭ ᠤᠨ ᠠᠵᠢᠯ ᠤᠨ ᠪᠤᠲᠠᠲᠠᠢ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ ᠬᠡᠵᠡᠢ᠃ | | | | | | | |