12 ᠳ᠋ᠤᠭᠠᠷ ᠰᠠᠷ᠎ᠠ ᠶᠢᠨ 10 ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠬᠠᠮ ᠵᠠᠭᠤᠴᠢᠯᠠᠭᠤᠷ | ᠤᠨ ᠲᠦᠪ ᠫᠠᠶᠢᠰᠠ ᠰᠡᠬᠦᠵᠦ ᠪᠠᠶᠢᠭᠤᠯᠤᠭᠳᠠᠬᠤ ᠶᠤᠰᠤᠯᠠᠯ ᠶᠠᠪᠤᠭᠳᠠᠵᠤ᠂ ᠡᠨᠡ ᠨᠢ ᠮᠠᠨ ᠤ ᠬᠤᠲᠠ ᠶᠢᠨ ᠰᠤᠨᠢᠨ | ᠮᠡᠳᠡᠭᠡ ᠤᠬᠠᠭᠤᠯᠭ᠎ᠠ ᠪᠤᠯᠤᠨ ᠬᠠᠮ ᠵᠠᠭᠤᠴᠢᠯᠠᠭᠤᠷ ᠤᠨ ᠪᠦᠲᠦᠭᠡᠨ ᠪᠠᠶᠢᠭᠤᠯᠤᠯᠲᠠ ᠰᠢᠨ᠎ᠡ ᠬᠦᠭᠵᠢᠯᠲᠡ ᠶᠢᠨ ᠱᠠᠲᠤ | ᠦᠶ᠎ᠡ ᠳᠤ ᠤᠷᠤᠭᠰᠠᠨ ᠢ ᠬᠠᠷᠠᠭᠤᠯᠵᠤ ᠪᠠᠶᠢᠨ᠎ᠠ᠃ | ᠤᠶᠢᠯᠠᠭᠠᠭᠰᠠᠨ ᠢᠶᠠᠷ᠂ ᠬᠠᠶᠢᠷᠤᠪ ᠤᠨ ᠲᠤᠬᠤᠢ ᠲᠤᠭᠤᠷᠢᠭ ᠤᠨ ᠬᠠᠮ ᠵᠠᠭᠤᠴᠢᠯᠠᠭᠤᠷ ᠤᠨ ᠲᠦᠪ ᠨᠢ ᠬᠠᠮ | ᠵᠠᠭᠤᠴᠢᠯᠠᠭᠠᠷ ᠤᠨ ᠬᠦᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠪᠦᠬᠦ ᠴᠢᠳᠠᠮᠵᠢᠲᠤ ᠨᠠᠶᠢᠷᠠᠭᠤᠯᠤᠭᠴᠢ | ᠰᠤᠷᠪᠤᠯᠵᠢᠯᠠᠭᠴᠢ ᠶᠢᠨ ᠡᠩᠨᠡᠭᠡ ᠶᠢ ᠴᠤᠭᠴᠠᠯᠠᠵᠤ᠂ ︽ᠨᠢᠭᠡ ᠤᠳᠠᠭ᠎ᠠ ᠰᠤᠷᠪᠤᠵᠢᠯᠠᠵᠤ᠂ ᠤᠯᠠᠨ ᠲᠠᠯ᠎ᠡ ᠠᠴᠠ | ᠨᠠᠶᠢᠷᠠᠭᠤᠯᠬᠤ᠂ ᠤᠯᠠᠨ ᠲᠠᠪᠴᠠᠩ ᠢᠶᠠᠷ ᠨᠡᠶᠢᠲᠡᠯᠡᠬᠦ︾ ᠰᠤᠷᠪᠤᠯᠵᠢᠯᠠᠵᠤ ᠨᠠᠶᠢᠷᠠᠭᠤᠯᠬᠤ ᠶᠠᠪᠤᠴᠠ ᠶᠢ ᠠᠰᠢᠭᠯᠠᠵᠤ᠂ | ︽2 +7 +X︾ ᠤᠨ ᠪᠦᠬᠦ ᠵᠠᠭᠤᠴᠢᠯᠠᠭᠤᠷ ᠢᠶᠠᠷ ᠤᠬᠠᠭᠤᠯᠬᠤ ᠰᠠᠭᠤᠷᠢᠨ ᠭᠠᠵᠠᠷ ᠲᠤ ᠲᠦᠰᠢᠭᠯᠡᠵᠦ᠂ ᠢᠨᠲ᠋ᠧᠷ | ᠰᠦᠯᠵᠢᠶ᠎ᠡ ᠶᠢᠨ ᠰᠡᠳᠭᠢᠬᠦᠢ ᠪᠠᠷ ᠰᠢᠭᠤᠳ ᠨᠡᠪᠲᠡᠷᠡᠭᠦᠯᠭᠡ᠂ ᠦᠢᠯᠡᠳᠦᠯᠴᠡᠯ᠂ ᠦᠪᠡᠷᠮᠢᠴᠡᠴᠢᠯᠡᠭᠰᠡᠨ | ᠦᠵᠡᠭᠳᠡᠬᠦᠶᠢᠴᠡ ᠦᠰᠦᠭ ᠪᠢᠴᠢᠭ᠂ ᠵᠢᠷᠤᠭ᠂ ᠤᠬᠤᠷ ᠸᠢᠳᠢᠤ᠋ ᠵᠡᠷᠭᠡ ᠡᠯ᠎ᠡ ᠵᠦᠢᠯ ᠤᠨ ᠬᠡᠯᠪᠡᠷᠢ ᠪᠤᠯᠤᠨ ᠪᠠᠶᠢᠳᠠᠯ ᠢ | ᠠᠰᠢᠭᠯᠠᠭᠰᠠᠨ ᠪᠦᠬᠦ ᠵᠠᠭᠤᠴᠢᠯᠠᠭᠤᠷ ᠤᠨ ᠪᠦᠲᠦᠭᠡᠭᠳᠡᠭᠦᠨ ᠢ ᠦᠢᠯᠡᠳᠬᠦ ᠪᠤᠯᠤᠨ᠎ᠠ᠃ |