ᠬᠠᠶᠢᠷᠤᠪ ᠤᠨ ᠲᠤᠬᠤᠢ ᠲᠤᠭᠤᠷᠢᠭ ᠤᠨ ᠰᠢᠨ ᠹᠧᠩ ᠲᠤᠰᠬᠤᠨ ᠶᠠᠳᠠᠭᠤ ᠬᠦᠴᠢᠷᠲᠡᠯᠳᠡᠢ ᠤᠯᠠᠨ ᠲᠦᠮᠡᠨ ᠎ ᠤ ᠲᠠᠷᠢᠵᠦ ᠲᠡᠵᠢᠬᠡᠬᠦ ᠤᠶᠢᠯᠡᠰ ᠬᠦᠭᠵᠢᠬᠦᠯᠬᠦ ᠪᠤᠯᠤᠨ ᠤᠶᠢᠷ᠎ᠠ ᠬᠠᠪᠢ ᠪᠠᠷ ᠢᠶᠠᠨ ᠠᠵᠢᠯ ᠤᠯᠬᠤ ᠶᠢ ᠢᠳᠡᠪᠬᠢᠲᠡᠢ ᠬᠦᠲᠦᠯᠦᠨ ᠵᠢᠯᠤᠭᠤᠳᠴᠦ᠂ ᠳᠡᠳᠡᠨ ᠤ ᠶᠠᠳᠠᠭᠤ ᠠᠴᠠ ᠠᠩᠬᠢᠵᠢᠷᠠᠬᠤ ᠳᠤ ᠬᠦᠴᠦᠨ ᠨᠡᠮᠡᠷᠢᠯᠡᠭᠦᠯᠪᠡ
ᠨᠡᠶᠢᠲᠡᠯᠡᠭᠰᠡᠨ ᠴᠠᠭ᠄
2018-12-04
     ᠬᠠᠶᠢᠷᠤᠪ ᠤᠨ ᠲᠤᠬᠤᠢ ᠲᠤᠭᠤᠷᠢᠭ ᠤᠨ ᠰᠢᠨ ᠹᠧᠩ ᠲᠤᠰᠬᠤᠨ ᠪᠤᠲᠠᠲᠦ ᠪᠠᠶᠢᠳᠠᠯ ᠢᠶᠠᠨ ᠦᠨᠳᠦᠰᠦᠯᠡᠨ᠂ ᠡᠷᠦᠬᠡ ᠶᠢᠨ ᠪᠠᠶᠢᠳᠠᠯ ᠳᠤ ᠵᠤᠬᠢᠴᠠᠭᠤᠯᠤᠨ ᠠᠷᠭ᠎ᠠ ᠪᠤᠲᠤᠯᠭ᠎ᠠ ᠬᠡᠷᠡᠭᠵᠢᠬᠦᠯᠵᠦ᠂ ᠶᠠᠳᠠᠭᠤ ᠬᠦᠴᠢᠷᠲᠡᠯᠳᠡᠢ ᠤᠯᠠᠨ ᠲᠦᠮᠡᠨ ᠤ ᠲᠠᠷᠢᠵᠦ ᠲᠡᠵᠢᠬᠡᠬᠦ ᠤᠶᠢᠯᠡᠰ ᠬᠦᠭᠵᠢᠬᠦᠯᠬᠦ ᠪᠤᠯᠤᠨ ᠤᠶᠢᠷ᠎ᠠ ᠬᠠᠪᠢ ᠪᠠᠷ ᠢᠶᠠᠨ ᠠᠵᠢᠯ ᠤᠯᠬᠤ ᠶᠢ ᠢᠳᠡᠪᠬᠢᠲᠡᠢ ᠬᠦᠲᠦᠯᠦᠨ ᠵᠢᠯᠤᠭᠤᠳᠴᠦ᠂ ᠳᠡᠳᠡᠨ ᠤ ᠶᠠᠳᠠᠭᠤ ᠠᠴᠠ ᠠᠩᠬᠢᠵᠢᠷᠠᠬᠤ ᠳᠤ ᠬᠦᠴᠦᠨ ᠨᠡᠮᠡᠷᠢᠯᠡᠵᠡᠢ᠃      ᠤᠶᠢᠷ᠎ᠠ ᠶᠢᠨ ᠵᠢᠯ ᠤᠨ ᠲᠤᠷᠰᠢ᠂ ᠰᠢᠨ ᠹᠧᠩ ᠲᠤᠰᠬᠤᠨ ᠠᠵᠦ ᠠᠬᠤᠶᠢᠯᠠᠯ ᠲᠠᠢ ᠢᠳᠡᠪᠬᠢᠲᠡᠢ ᠬᠠᠷᠢᠯᠴᠠᠵᠦ᠂ ᠶᠠᠳᠠᠭᠤ ᠬᠦᠴᠢᠷᠲᠡᠯᠳᠡᠢ ᠡᠷᠦᠬᠡ ᠳᠤ ᠠᠵᠢᠯ ᠤᠯᠭᠤᠯᠳᠠ ᠶᠢᠨ ᠲᠠᠪᠴᠠᠩ ᠤᠯᠭᠤᠵᠠᠢ᠃ ᠶᠠᠳᠠᠭᠤ ᠬᠦᠴᠢᠷᠲᠡᠯᠳᠡᠢ ᠰᠠᠭᠤᠭᠠᠯᠢ ᠠᠷᠠᠳ ᠵᠢᠯ ᠪᠤᠯᠭᠠᠨ ᠠᠵᠦ ᠠᠬᠤᠶᠢᠯᠠᠯ ᠪᠤᠶᠤ ᠲᠤᠰᠬᠤᠨ ᠤ ᠵᠦᠪᠯᠡᠯ ᠳᠤ 10᠎ ᠠᠴᠠ 15 ᠡᠳᠦᠷ ᠠᠵᠢᠯᠯᠠᠪᠠᠯ᠂ 3000 ᠲᠦᠭᠦᠷᠢᠭ ᠤᠨ ᠠᠵᠦ ᠤᠶᠢᠯᠡᠰ ᠢ ᠬᠠᠪᠰᠤᠷᠤᠨ ᠳᠡᠮᠵᠢᠬᠦ ᠪᠡᠯᠡ ᠮᠦᠩᠭᠦ ᠤᠯᠵᠦ᠂ ᠶᠠᠳᠠᠭᠤ ᠬᠦᠴᠢᠷᠲᠡᠯᠳᠡᠢ ᠰᠠᠭᠤᠭᠠᠯᠢ ᠠᠷᠠᠳ ᠡᠨᠡᠬᠦ ᠪᠡᠯᠡ ᠮᠦᠩᠭᠦ ᠶᠢ ᠠᠰᠢᠭᠯᠠᠨ᠂ ᠲᠠᠷᠢᠵᠦ ᠲᠡᠵᠢᠬᠡᠬᠦ ᠤᠶᠢᠯᠡᠰ ᠢ ᠬᠦᠭᠵᠢᠬᠦᠯᠵᠦ᠂ ᠦᠪᠡᠷ ᠤᠨ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠬᠢᠵᠢᠷᠠᠨ ᠪᠠᠶᠠᠵᠢᠯ ᠤᠨ ᠵᠠᠮ ᠢᠶᠠᠷ ᠵᠠᠮᠨᠠᠬᠤ ᠪᠤᠯᠤᠨ᠎ᠠ᠃ ᠤᠲᠤᠬᠠᠨ ᠳᠤ᠂ ᠰᠢᠨ ᠹᠧᠩ ᠲᠤᠰᠬᠤᠨ ᠳᠤ ᠨᠡᠶᠢᠲᠡ 47 ᠶᠠᠳᠠᠭᠤ ᠬᠦᠴᠢᠷᠲᠡᠯᠳᠡᠢ ᠡᠷᠦᠬᠡ ᠶᠢᠨ 101 ᠬᠦᠮᠦᠨ ᠪᠠᠶᠢᠵᠦ᠂ ᠡᠬᠦᠨ ᠳᠤ ᠬᠦᠳᠡᠯᠮᠦᠷᠢᠯᠡᠬᠦ ᠴᠢᠳᠠᠪᠤᠷᠢ ᠲᠠᠢ ᠪᠤᠶᠤ ᠬᠠᠭᠠᠰ ᠬᠦᠳᠡᠯᠮᠦᠷᠢᠯᠡᠬᠦ ᠴᠢᠳᠠᠪᠤᠷᠢ ᠎ ᠲᠠᠢ ᠬᠦᠮᠦᠨ 40 ᠪᠠᠶᠢᠵᠦ᠂  ᠠᠵᠢᠯ ᠤᠯᠤᠭᠰᠠᠨ ᠨᠤᠷᠮ᠎ᠠ 83%᠎ ᠠᠴᠠ ᠳᠡᠭᠡᠭᠰᠢ ᠪᠤᠯᠵᠠᠢ᠃
 
ᠢᠷᠡᠯᠲᠡ᠄ ᠦᠬᠠᠢ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号