ᠬᠠᠶᠢᠷᠤᠪ ᠤᠨ ᠲᠤᠬᠤᠢ ᠲᠤᠭᠤᠷᠢᠭ ᠬᠦᠳᠡᠭᠡ ᠲᠤᠰᠬᠤᠨ ᠤ ᠬᠦᠭᠵᠢᠬᠦᠯᠦᠯᠲᠡ ᠶᠢᠨ ᠪᠠᠶᠢᠯᠳᠤᠬᠤ ᠪᠤᠲᠤᠯᠭ᠎ᠠ ᠎ ᠶᠢ ᠬᠡᠷᠡᠭᠵᠢᠬᠦᠯᠬᠦ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠤᠷᠭᠠᠨᠢᠭ ᠎ ᠢᠶᠠᠷ ᠤᠶᠠᠯᠳᠤᠭᠤᠯᠵᠤ᠂ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠦᠨ ᠪᠠᠶᠠᠵᠢᠯ ᠳᠤ ᠬᠦᠳᠤᠯᠦᠪᠡ
ᠨᠡᠶᠢᠲᠡᠯᠡᠭᠰᠡᠨ ᠴᠠᠭ᠄
2018-12-04
     ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ᠬᠦᠳᠡᠭᠡ ᠲᠤᠰᠬᠤᠨ ᠤ ᠬᠦᠭᠵᠢᠬᠦᠯᠦᠯᠲᠡ ᠶᠢᠨ ᠪᠠᠶᠢᠯᠳᠤᠬᠤ ᠪᠤᠲᠤᠯᠭ᠎ᠠ ᠶᠢ ᠬᠡᠷᠡᠭᠵᠢᠬᠦᠯᠬᠦ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠎ ᠢ ᠤᠷᠭᠠᠨᠢᠭ ᠢᠶᠠᠷ ᠤᠶᠠᠯᠳᠤᠭᠤᠯᠵᠤ᠂ ᠭᠠᠵᠠᠷ ᠰᠢᠷᠤᠢ ᠶᠢ ᠡᠷᠬᠢᠯᠲᠡ ᠳᠤ ᠤᠷᠤᠭᠤᠯᠵᠤ᠂ ᠭᠠᠵᠠᠷ ᠤᠷᠤᠨ ᠤ ᠤᠨᠴᠠᠯᠢᠭ ᠲᠤ ᠲᠤᠬᠢᠷᠠᠭᠤᠯᠤᠨ ᠬᠤᠨᠴᠢᠷ ᠲᠠᠷᠢᠵᠦ ᠤᠷᠭᠤᠭᠤᠯᠬᠤ ᠤᠶᠢᠯᠡᠰ ᠢ ᠬᠦᠭᠵᠢᠬᠦᠯᠵᠦ᠂ ᠠᠵᠦ ᠤᠶᠢᠯᠡᠰ ᠎ ᠢᠶᠠᠷ ᠶᠠᠳᠠᠭᠤ ᠶᠢ ᠳᠡᠳᠬᠦᠬᠦ ᠬᠡᠯᠪᠡᠷᠢ ᠶᠢ ᠪᠠᠶᠠᠯᠢᠭᠵᠢᠭᠤᠯᠤᠨ᠂ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠦᠨ ᠪᠠᠶᠠᠵᠢᠯ ᠳᠤ ᠬᠦᠲᠦᠯᠦᠵᠡᠢ᠃      ᠬᠠᠶᠢᠷᠤᠪ ᠤᠨ ᠲᠤᠬᠤᠢ ᠲᠤᠭᠤᠷᠢᠭ ᠤᠨ ᠴᠢᠶᠠᠨ ᠯᠢ ᠱᠠᠨ ᠪᠠᠯᠭᠠᠰᠤᠨ ᠳᠤ ᠤᠲᠤᠬᠠᠨ ᠳᠤ 1 ᠲᠦᠮᠡ ᠭᠠᠷᠤᠢ ᠮᠦ ᠭᠠᠵᠠᠷ ᠢ ᠡᠷᠬᠢᠯᠲᠡ ᠳᠤ ᠤᠷᠤᠭᠤᠯᠵᠤ᠂ ᠡᠬᠦᠨ ᠳᠤ 2000 ᠭᠠᠷᠤᠢ ᠮᠦ ᠠᠳᠠᠷ ᠭᠠᠵᠠᠷ ᠢ ᠪᠠᠭᠳᠠᠭᠠᠵᠠᠢ᠃ ᠬᠠᠶᠢᠷᠤᠪ ᠤᠨ ᠲᠤᠬᠤᠢ ᠲᠤᠭᠤᠷᠢᠭ ᠠᠴᠠ ᠡᠲᠡᠭᠡᠷ ᠭᠠᠵᠠᠷ ᠰᠢᠷᠤᠢ ᠶᠢᠨ ᠡᠬᠢ ᠪᠠᠶᠠᠯᠢᠭ ᠢ ᠬᠦᠢᠴᠡᠳ ᠠᠰᠢᠭᠯᠠᠬᠤ ᠶᠢᠨ ᠲᠦᠯᠦᠬᠡ᠂ ᠳᠠᠷᠠᠭᠠᠴᠢ ᠶᠢᠨ ᠠᠯᠬᠤᠮ ᠳᠤ᠂ ︽ᠬᠦᠳᠡᠭᠡ ᠲᠤᠰᠬᠤᠨ ᠤ ᠬᠦᠭᠵᠢᠬᠦᠯᠦᠯᠲᠡ︾᠎ ᠶᠢᠨ ᠪᠠᠶᠢᠯᠳᠤᠬᠤ  ᠪᠤᠳᠣᠯᠭ᠎ᠠ ᠲᠠᠢ ᠤᠶᠠᠯᠳᠤᠭᠤᠯᠤᠨ᠂ ᠬᠢᠳᠠᠳ ᠡᠮ ᠤᠨ ᠮᠠᠲ᠋ᠧᠷᠢᠶᠠᠯ᠂ ᠦᠵᠦᠮ᠂ ᠭᠤᠸᠠ ᠵᠢᠮᠢᠰ ᠢᠳᠡᠰᠢᠨ ᠨᠤᠭᠤᠭ᠎ᠠ ᠵᠡᠷᠭᠡ ᠤᠨᠴᠠᠯᠢᠭᠲᠦ ᠲᠠᠷᠢᠮᠠᠯ ᠤᠨ ᠲᠦᠷᠦᠯ ᠵᠤᠶᠢᠯ ᠢ ᠶᠡᠭᠡ ᠬᠦᠴᠦᠨ ᠢᠶᠠᠷ ᠬᠦᠭᠵᠢᠬᠦᠯᠵᠦ᠂ ᠬᠤᠨᠴᠢᠷ ᠲᠠᠷᠢᠵᠦ ᠤᠷᠭᠤᠭᠤᠯᠬᠤ ᠰᠠᠭᠤᠷᠢᠨ ᠭᠠᠵᠠᠷ᠂ ᠪᠠᠷᠢᠮᠵᠢᠶᠠᠵᠢᠭᠰᠠᠨ ᠦᠵᠦᠮ ᠎ ᠤᠨ ᠬᠦᠷᠢᠶᠡᠯᠡᠩ᠂ ᠵᠤᠭᠠᠴᠠᠯ ᠤᠨ ᠭᠤᠸᠠ ᠵᠢᠮᠢᠰ ᠲᠡᠭᠦᠭᠦ ᠰᠠᠭᠤᠷᠢᠨ ᠭᠠᠵᠠᠷ ᠵᠡᠷᠭᠡ ᠠᠵᠦ ᠤᠶᠢᠯᠡᠰ ᠢ ᠴᠤᠭᠴᠯᠠᠠᠨ ᠪᠠᠶᠢᠭᠤᠯᠵᠤ᠂ ᠡᠬᠦᠨ ᠢᠶᠠᠷ ᠳᠠᠮᠵᠢᠨ ᠲᠤᠰᠬᠤᠨ ᠤ ᠨᠡᠶᠢᠲᠡ ᠶᠢᠨ ᠠᠵᠦ ᠠᠬᠤᠢ ᠶᠢ ᠳᠠᠰᠤᠷᠠᠯᠲᠠ ᠦᠬᠡᠢ ᠬᠦᠭᠵᠢᠬᠦᠯᠦᠨ ᠪᠤᠵᠠᠭᠠᠶᠢᠷᠠᠭᠤᠯᠵᠤ᠂ ᠶᠠᠳᠠᠭᠤ ᠬᠦᠴᠢᠷᠲᠡᠯᠳᠡᠢ ᠤᠯᠠᠨ ᠲᠦᠮᠡᠨ ᠢ ᠤᠨᠤᠪᠴᠢᠲᠠᠢ᠂ ᠪᠦᠲᠦᠮᠵᠢᠳᠡᠢ ᠪᠠᠷ ᠲᠠᠷᠢᠶᠠᠯᠠᠩ ᠤᠨ ᠤᠶᠢᠯᠡᠰ ᠤᠨ ᠠᠵᠦ ᠤᠶᠢᠯᠡᠰ ᠤᠨ ᠬᠡᠯᠬᠢᠶ᠎ᠡ ᠳᠤ ᠤᠷᠤᠭᠤᠯᠵᠤ᠂ ᠨᠡᠩ ᠤᠯᠠᠨ ᠶᠠᠳᠠᠭᠤ ᠬᠦᠴᠢᠷᠲᠡᠯᠳᠡᠢ ᠤᠯᠠᠨ ᠲᠦᠮᠡᠨ ᠳᠤ ᠠᠵᠦ ᠤᠶᠢᠯᠡᠰ ᠤᠨ ᠬᠦᠭᠵᠢᠯᠲᠡ ᠶᠢᠨ ᠠᠰᠢᠭ ᠤᠷᠤᠯᠭ᠎ᠠ ᠶᠢ ᠬᠦᠷᠲᠡᠬᠡᠬᠦ ᠪᠤᠯᠤᠨ᠎ᠠ᠃
 
ᠢᠷᠡᠯᠲᠡ᠄ ᠦᠬᠠᠢ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号