ᠬᠠᠶᠢᠷᠤᠪ ᠤᠨ ᠲᠤᠬᠤᠢ ᠲᠤᠭᠤᠷᠢᠭ ᠰᠤᠷᠬᠤ ᠨᠠᠰᠦᠨ ᠠᠴᠠ ᠡᠮᠦᠨᠡᠬᠢ ᠬᠡᠤᠬᠡᠳ ᠤᠨ ᠰᠤᠷᠭᠠᠨ ᠬᠦᠮᠦᠵᠢᠯ ᠎ ᠤᠨ ᠰᠢᠯᠢᠳᠡᠭ ᠶᠠᠰᠦ ᠴᠢᠨᠠᠷ ᠲᠠᠢ ᠪᠠᠷ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2018-12-04
     ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ᠰᠤᠷᠬᠤ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠡᠯᠪᠡᠷᠢ ᠳᠤ ᠰᠢᠨ᠎ᠡ ᠶᠢ ᠡᠭᠦᠳᠴᠦ᠂ ᠠᠯᠪᠠᠨ ᠠᠴᠠ ᠡᠷᠬᠢᠯᠡᠭᠰᠡᠨ ᠬᠡᠤᠬᠡᠳ ᠎ ᠤᠨ ᠴᠡᠴᠡᠷᠯᠢᠭ ᠤᠨ ᠵᠢᠱᠢᠶ᠎ᠡ ᠦᠵᠡᠬᠦᠯᠬᠦ ᠤᠶᠢᠯᠡᠳᠦᠯ ᠢ ᠢᠳᠡᠪᠬᠢᠲᠡᠢ ᠪᠠᠲᠠᠷᠠᠭᠤᠯᠤᠨ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠬᠠᠪᠰᠤᠷᠤᠨ᠂ ᠰᠢᠯᠢᠳᠡᠭ ᠵᠢᠭᠠᠨ ᠰᠤᠷᠭᠠᠯᠳᠠ ᠶᠢᠨ ᠡᠩᠨᠡᠭᠡ ᠶᠢ ᠬᠠᠩᠭᠠᠬᠤ ᠳᠤ ᠪᠦᠬᠦ ᠲᠠᠯ᠎ᠠ ᠶᠢᠨ ᠬᠠᠮᠢᠶᠠᠷᠤᠯᠲᠠ ᠬᠢᠵᠦ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠬᠠᠪᠰᠤᠷᠤᠨ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠬᠦᠯᠵᠦ᠂ ᠰᠤᠷᠬᠤ ᠨᠠᠰᠦᠨ ᠠᠴᠠ ᠡᠮᠦᠨᠡᠬᠢ ᠬᠡᠤᠬᠡᠳ ᠤᠨ ᠰᠤᠷᠭᠠᠨ ᠬᠦᠮᠦᠵᠢᠯ ᠤᠨ ᠰᠢᠯᠢᠳᠡᠭ ᠶᠠᠰᠦ ᠴᠢᠨᠠᠷ ᠲᠠᠢ ᠪᠠᠷ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠵᠠᠢ᠃        ᠡᠨᠡ ᠵᠢᠯ᠂ ᠬᠠᠶᠢᠷᠤᠪ ᠤᠨ ᠲᠤᠬᠤᠢ ᠲᠤᠭᠤᠷᠢᠭ ᠰᠢᠨ ᠲᠢᠶᠠᠨ ᠳ᠋ᠢ ᠬᠡᠤᠬᠡᠳ ᠤᠨ ᠴᠡᠴᠡᠷᠯᠢᠭ ᠪᠤᠯᠤᠨ ᠲᠤᠯᠠᠭᠠᠨ ᠬᠡᠤᠬᠡᠳ ᠤᠨ ᠴᠡᠴᠡᠷᠯᠢᠭ ᠢ ᠠᠷᠠᠳ ᠠᠴᠠ ᠡᠷᠬᠢᠯᠡᠭᠰᠡᠨ ᠬᠠᠪᠰᠤᠷᠤᠨ ᠳᠡᠮᠵᠢᠬᠦ ᠬᠡᠤᠬᠡᠳ ᠤᠨ ᠴᠡᠴᠡᠷᠯᠢᠭ ᠎ ᠤᠨ ᠲᠤᠷᠰᠢᠯᠲᠠ ᠶᠢᠨ ᠴᠡᠭ ᠪᠤᠯᠭᠠᠵᠦ᠂ ᠡᠬᠦᠨ ᠤ ᠰᠠᠭᠤᠷᠢᠨ ᠳᠡᠭᠡᠷ᠎ᠡ᠂ ᠬᠠᠶᠢᠷᠤᠪ ᠤᠨ ᠲᠤᠬᠤᠢ ᠲᠤᠭᠤᠷᠢᠭ ᠰᠤᠷᠬᠤ ᠨᠠᠰᠦᠨ ᠠᠴᠠ ᠡᠮᠦᠨᠡᠬᠢ ᠬᠡᠤᠬᠡᠳ ᠤᠨ ᠰᠤᠷᠭᠠᠨ ᠬᠦᠮᠦᠵᠢᠯ ᠳᠠᠬᠢ ᠤᠷᠤᠭᠤᠯᠤᠯᠲᠠ ᠪᠠᠨ ᠳᠠᠰᠤᠷᠠᠯᠳᠠ ᠦᠬᠡᠢ ᠨᠡᠮᠡᠭᠳᠡᠬᠦᠯᠵᠦ᠂ 10 ᠬᠡᠤᠬᠡᠳ ᠤᠨ ᠴᠡᠴᠡᠷᠯᠢᠭ ᠢ ᠲᠦᠯᠦᠪᠯᠡᠨ ᠪᠠᠶᠢᠭᠤᠯᠬᠤ ᠪᠠᠷ ᠪᠠᠶᠢᠵᠦ᠂ ᠡᠨᠡᠬᠦ 10 ᠬᠡᠤᠬᠡᠳ ᠤᠨ ᠴᠡᠴᠡᠷᠯᠢᠭ ᠢ ᠪᠦᠬᠦᠨ ᠢ ᠪᠠᠶᠢᠭᠤᠯᠤᠭᠰᠠᠨ ᠤ ᠳᠠᠷᠠᠭ᠎ᠠ 2100 ᠭᠠᠷᠤᠢ ᠨᠢᠯᠬ᠎ᠠ ᠬᠡᠤᠬᠡᠳ ᠢ ᠪᠠᠭᠳᠠᠭᠠᠵᠦ᠂ ᠨᠢᠯᠬ᠎ᠠ ᠬᠡᠤᠬᠡᠳ ᠤᠨ ︽ᠴᠡᠴᠡᠷᠯᠢᠭ ᠲᠤ ᠤᠷᠤᠬᠤ ᠳᠤ ᠬᠦᠴᠢᠷ︾ ᠠᠰᠠᠭᠤᠳᠠᠯ ᠢ ᠤᠯᠠᠮ ᠨᠢᠬᠡ ᠠᠯᠬᠤᠮ ᠪᠦᠲᠦᠮᠵᠢᠳᠡᠢ ᠰᠢᠢᠳᠪᠦᠷᠢᠯᠡᠬᠦ ᠪᠤᠯᠤᠨ᠎ᠠ᠃
 
ᠢᠷᠡᠯᠲᠡ᠄ ᠦᠬᠠᠢ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号