ᠬᠠᠶᠢᠷᠤᠪ ᠤᠨ ᠲᠤᠬᠤᠢ ᠲᠤᠭᠤᠷᠢᠭ ᠤᠨ ᠰᠢᠨ ᠹᠧᠩ ᠲᠤᠰᠬᠤᠨ ᠪᠤᠲᠠᠲᠦ ᠪᠠᠶᠢᠳᠠᠯ ᠢᠶᠠᠨ ᠦᠨᠳᠦᠰᠦᠯᠡᠨ᠂ | ᠡᠷᠦᠬᠡ ᠶᠢᠨ ᠪᠠᠶᠢᠳᠠᠯ ᠳᠤ ᠵᠤᠬᠢᠴᠠᠭᠤᠯᠤᠨ ᠠᠷᠭ᠎ᠠ ᠪᠤᠲᠤᠯᠭ᠎ᠠ ᠬᠡᠷᠡᠭᠵᠢᠬᠦᠯᠵᠦ᠂ ᠶᠠᠳᠠᠭᠤ ᠬᠦᠴᠢᠷᠲᠡᠯᠳᠡᠢ ᠤᠯᠠᠨ | ᠲᠦᠮᠡᠨ ᠤ ᠲᠠᠷᠢᠵᠦ ᠲᠡᠵᠢᠬᠡᠬᠦ ᠤᠶᠢᠯᠡᠰ ᠬᠦᠭᠵᠢᠬᠦᠯᠬᠦ ᠪᠤᠯᠤᠨ ᠤᠶᠢᠷ᠎ᠠ ᠬᠠᠪᠢ ᠪᠠᠷ ᠢᠶᠠᠨ ᠠᠵᠢᠯ ᠤᠯᠬᠤ ᠶᠢ | ᠢᠳᠡᠪᠬᠢᠲᠡᠢ ᠬᠦᠲᠦᠯᠦᠨ ᠵᠢᠯᠤᠭᠤᠳᠴᠦ᠂ ᠳᠡᠳᠡᠨ ᠤ ᠶᠠᠳᠠᠭᠤ ᠠᠴᠠ ᠠᠩᠬᠢᠵᠢᠷᠠᠬᠤ ᠳᠤ ᠬᠦᠴᠦᠨ ᠨᠡᠮᠡᠷᠢᠯᠡᠵᠡᠢ᠃ | ᠤᠶᠢᠷ᠎ᠠ ᠶᠢᠨ ᠵᠢᠯ ᠤᠨ ᠲᠤᠷᠰᠢ᠂ ᠰᠢᠨ ᠹᠧᠩ ᠲᠤᠰᠬᠤᠨ ᠠᠵᠦ ᠠᠬᠤᠶᠢᠯᠠᠯ ᠲᠠᠢ ᠢᠳᠡᠪᠬᠢᠲᠡᠢ ᠬᠠᠷᠢᠯᠴᠠᠵᠦ᠂ | ᠶᠠᠳᠠᠭᠤ ᠬᠦᠴᠢᠷᠲᠡᠯᠳᠡᠢ ᠡᠷᠦᠬᠡ ᠳᠤ ᠠᠵᠢᠯ ᠤᠯᠭᠤᠯᠳᠠ ᠶᠢᠨ ᠲᠠᠪᠴᠠᠩ ᠤᠯᠭᠤᠵᠠᠢ᠃ ᠶᠠᠳᠠᠭᠤ ᠬᠦᠴᠢᠷᠲᠡᠯᠳᠡᠢ | ᠰᠠᠭᠤᠭᠠᠯᠢ ᠠᠷᠠᠳ ᠵᠢᠯ ᠪᠤᠯᠭᠠᠨ ᠠᠵᠦ ᠠᠬᠤᠶᠢᠯᠠᠯ ᠪᠤᠶᠤ ᠲᠤᠰᠬᠤᠨ ᠤ ᠵᠦᠪᠯᠡᠯ ᠳᠤ 10 ᠠᠴᠠ 15 ᠡᠳᠦᠷ | ᠠᠵᠢᠯᠯᠠᠪᠠᠯ᠂ 3000 ᠲᠦᠭᠦᠷᠢᠭ ᠤᠨ ᠠᠵᠦ ᠤᠶᠢᠯᠡᠰ ᠢ ᠬᠠᠪᠰᠤᠷᠤᠨ ᠳᠡᠮᠵᠢᠬᠦ ᠪᠡᠯᠡ ᠮᠦᠩᠭᠦ ᠤᠯᠵᠦ᠂ ᠶᠠᠳᠠᠭᠤ | ᠬᠦᠴᠢᠷᠲᠡᠯᠳᠡᠢ ᠰᠠᠭᠤᠭᠠᠯᠢ ᠠᠷᠠᠳ ᠡᠨᠡᠬᠦ ᠪᠡᠯᠡ ᠮᠦᠩᠭᠦ ᠶᠢ ᠠᠰᠢᠭᠯᠠᠨ᠂ ᠲᠠᠷᠢᠵᠦ ᠲᠡᠵᠢᠬᠡᠬᠦ ᠤᠶᠢᠯᠡᠰ ᠢ | ᠬᠦᠭᠵᠢᠬᠦᠯᠵᠦ᠂ ᠦᠪᠡᠷ ᠤᠨ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠬᠢᠵᠢᠷᠠᠨ ᠪᠠᠶᠠᠵᠢᠯ ᠤᠨ ᠵᠠᠮ ᠢᠶᠠᠷ ᠵᠠᠮᠨᠠᠬᠤ | ᠪᠤᠯᠤᠨ᠎ᠠ᠃ ᠤᠲᠤᠬᠠᠨ ᠳᠤ᠂ ᠰᠢᠨ ᠹᠧᠩ ᠲᠤᠰᠬᠤᠨ ᠳᠤ ᠨᠡᠶᠢᠲᠡ 47 ᠶᠠᠳᠠᠭᠤ ᠬᠦᠴᠢᠷᠲᠡᠯᠳᠡᠢ ᠡᠷᠦᠬᠡ ᠶᠢᠨ | 101 ᠬᠦᠮᠦᠨ ᠪᠠᠶᠢᠵᠦ᠂ ᠡᠬᠦᠨ ᠳᠤ ᠬᠦᠳᠡᠯᠮᠦᠷᠢᠯᠡᠬᠦ ᠴᠢᠳᠠᠪᠤᠷᠢ ᠲᠠᠢ ᠪᠤᠶᠤ ᠬᠠᠭᠠᠰ ᠬᠦᠳᠡᠯᠮᠦᠷᠢᠯᠡᠬᠦ ᠴᠢᠳᠠᠪᠤᠷᠢ | ᠲᠠᠢ ᠬᠦᠮᠦᠨ 40 ᠪᠠᠶᠢᠵᠦ᠂ ᠠᠵᠢᠯ ᠤᠯᠤᠭᠰᠠᠨ ᠨᠤᠷᠮ᠎ᠠ 83% ᠠᠴᠠ ᠳᠡᠭᠡᠭᠰᠢ ᠪᠤᠯᠵᠠᠢ᠃ |