12 ᠳ᠋ᠤᠭᠠᠷ ᠰᠠᠷ᠎ᠠ ᠶᠢᠨ 3 ᠤ ᠡᠳᠤᠷ ᠤᠨ ᠦᠳᠡ ᠶᠢᠨ ᠡᠮᠦᠨ᠎ᠡ᠂ ᠬᠡᠩᠭᠡᠷᠭᠡ ᠴᠠᠩ ᠤᠨ ᠳᠠᠭᠤᠨ ᠪᠠ | ᠭᠤᠶᠤ ᠰᠠᠶᠢᠬᠠᠨ ᠶᠠᠩᠭᠠᠷ ᠪᠦᠵᠢᠭ ᠤᠨ ᠲᠤᠭᠯᠠᠯᠲᠠ ᠶᠢ ᠳᠠᠭᠠᠯᠳᠤᠨ ᠬᠠᠶᠢᠷᠤᠪ ᠤᠨ ᠲᠤᠬᠤᠢ ᠲᠤᠭᠤᠷᠢᠭ ᠤᠨ | ᠰᠢᠨ᠎ᠡ ᠴᠠᠭ ᠦᠶ᠎ᠡ ᠶᠢᠨ ᠪᠤᠯᠪᠠᠰᠦᠨ ᠦᠢᠯᠡᠳᠤᠯᠭᠡ ᠶᠢᠨ ᠲᠦᠪ ︵ᠭᠠᠵᠠᠷ᠂ ᠦᠷᠲᠡᠭᠡ︶ ᠫᠠᠶᠢᠰᠠ ᠤᠯᠭᠤᠬᠤ | ᠵᠢᠴᠢ ᠬᠠᠶᠢᠷᠤᠪ ᠤᠨ ᠲᠤᠬᠤᠢ ᠲᠤᠭᠤᠷᠢᠭ ᠤᠨ ︽ᠭᠤᠷᠪᠠ ᠬᠦᠳᠡᠭᠡ ᠪᠠᠭᠤᠬᠤ︾ ᠠᠵᠢᠯᠯᠠᠭ᠎ᠠ ᠶᠢᠨ ᠡᠬᠢᠯᠡᠯᠲᠡ ᠶᠢᠨ | ᠶᠤᠰᠤᠯᠠᠯ ᠴᠢᠶᠠᠨ ᠯᠢ ᠱᠠᠨ ᠪᠠᠯᠭᠠᠰᠤᠨ ᠤ ᠰᠢᠨ ᠳ᠋ᠢ ᠲᠤᠰᠬᠤᠨ ᠳᠤ ᠶᠠᠪᠤᠭᠳᠠᠪᠠ᠃ ᠦᠬᠠᠢ ᠬᠤᠲᠡ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠢ ᠰᠢᠶᠤᠤ ᠴᠢᠩ᠂ ᠬᠠᠶᠢᠷᠤᠪ ᠤᠨ | ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ᠂ ᠦᠬᠠᠢ ᠬᠤᠲᠡ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠶᠤᠨ ᠤ ᠪᠤᠯᠪᠠᠰᠦᠨ ᠤ ᠠᠯᠪᠠᠨ ᠭᠡᠷ ᠤᠨ ᠡᠷᠬᠢᠯᠡᠭᠴᠢ | ᠳ᠋ᠠᠢ ᠵᠢᠶᠦ᠋ᠨ᠂ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠵᠤ᠋ ᠶᠦᠸᠠᠢ ᠧ ᠵᠡᠷᠭᠡ ᠤᠳᠤᠷᠢᠳᠤᠯᠭ᠎ᠠ ᠲᠤᠰ ᠤᠳᠠᠭᠠᠨ ᠤ ᠬᠦᠳᠡᠯᠭᠡᠭᠡᠨ ᠳᠤ | ᠤᠷᠤᠯᠴᠠᠪᠠ᠃ | | | | | | ᠤᠶᠢᠯᠠᠭᠠᠬᠰᠠᠨ ᠢᠶᠠᠷ᠂ ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ ᠴᠠᠭ ᠡᠷᠡᠨ ᠤ ᠪᠤᠯᠪᠠᠰᠤᠨ | ᠦᠢᠯᠡᠳᠤᠯᠭᠡ ᠶᠢᠨ ᠲᠦᠪ ᠶᠢᠨ ᠪᠦᠳᠦᠭᠡᠨ ᠪᠠᠶᠢᠭᠤᠯᠤᠯᠲᠡ ᠨᠢ ᠪᠤᠯᠪᠠᠰᠣᠨ ᠤᠶᠢᠯᠡᠳᠣᠯᠭᠡ ᠶᠢᠨ ᠠᠵᠢᠯᠯᠠᠭ᠎ᠠ ᠶᠢ | ᠦᠨᠳᠦᠰᠦᠨ ᠱᠠᠳᠣᠨ ᠵᠦᠭ ᠬᠦᠨᠵᠡᠭᠡᠶᠢᠷᠡᠭᠦᠯᠵᠤ᠂ ᠡᠯᠪᠡᠭ ᠠᠭᠤᠯᠭ᠎ᠠ ᠲᠠᠢ ᠰᠣᠷᠣᠯᠴᠠᠯᠭ᠎ᠠ᠂ ᠲᠠᠮᠵᠢᠭᠤᠯᠭ᠎ᠠ᠂ | ᠤᠶᠢᠯᠡᠳᠣᠯᠭᠡ ᠶᠢᠨ ᠠᠵᠢᠯᠯᠠᠭ᠎ᠠ ᠦᠷᠨᠢᠭᠦᠯᠦᠨ᠂ ᠦᠷᠭᠡᠨ ᠤᠯᠠᠨ ᠲᠦᠮᠡᠨ ᠳᠤ ᠨᠡᠩ ᠰᠢᠯᠢᠳᠡᠭ ᠴᠢᠨᠠᠷ ᠲᠠᠢ᠂ | ᠰᠢᠰᠲ᠋ᠧᠮᠳᠦ ᠦᠢᠯᠡᠴᠢᠯᠡᠭᠡ ᠶᠢ ᠬᠠᠩᠭᠠᠬᠤ ᠪᠠᠷ ᠵᠤᠷᠢᠯᠲᠡ ᠪᠤᠯᠭᠠᠵᠠᠢ᠃ | |