ᠬᠠᠶᠢᠷᠣᠪ ᠤᠨ ᠲᠤᠬᠤᠢ ᠲᠤᠭᠤᠷᠢᠭ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠤᠮᠵᠢ ᠶᠢ ᠶᠡᠭᠡ ᠬᠦᠴᠦᠨ ᠢᠶᠠᠷ ᠴᠡᠪᠡᠷᠯᠡᠨ ᠴᠡᠭᠴᠡᠯᠡᠪᠡ
ᠨᠡᠶᠢᠲᠡᠯᠡᠭᠰᠡᠨ ᠴᠠᠭ᠄
2018-12-05
    ᠬᠠᠶᠢᠷᠣᠪ ᠤᠨ ᠲᠤᠬᠤᠢ ᠲᠤᠭᠤᠷᠢᠭ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠤᠮᠵᠢ ᠶᠢ ᠶᠡᠭᠡ ᠬᠦᠴᠦᠨ ᠢᠶᠠᠷ ᠴᠡᠪᠡᠷᠯᠡᠨ ᠴᠡᠭᠴᠡᠯᠡᠵᠤ ᠪᠠᠶᠢᠨ᠎ᠠ᠃ ᠦᠨᠦ ᠵᠢᠯ ᠤᠨ 9 ᠳ᠋ᠣᠭᠡᠷ ᠰᠠᠷ᠎ᠠ ᠠᠴᠠ 11 ᠳ᠋ᠣᠭᠡᠷ ᠰᠠᠷ᠎ᠠ ᠪᠤᠯᠲᠠᠯ᠎ᠠ᠂ ᠬᠠᠶᠢᠷᠣᠪ ᠤᠨ ᠲᠣᠬᠤᠢ ᠲᠣᠭᠤᠷᠢᠭ  ᠳᠠᠩᠰᠠᠯᠠᠭᠤᠯᠤᠬᠰᠠᠨ 151 ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠤᠮᠵᠢ ᠶᠢ ᠲᠦᠷᠪᠡᠨ ᠪᠦᠯᠦᠭ ᠬᠤᠪᠢᠶᠠᠵᠦ ᠪᠣᠯᠵᠣᠨ ᠶᠠᠷᠢᠯᠴᠠᠵᠦ᠂ ᠣᠳᠣ ᠨᠢᠭᠡᠨᠲᠡ 38 ᠡᠷᠦᠬᠡ ᠡᠭᠦᠳᠡ ᠪᠠᠨ ᠬᠠᠭᠠᠵᠦ᠂ ᠪᠣᠯᠵᠣᠨ ᠶᠠᠷᠢᠯᠴᠠᠬᠤ ᠬᠤᠷᠠᠯ ᠠᠩᠬ᠎ᠠ ᠱᠠᠳᠤᠨ ᠤ ᠦᠷ᠎ᠡ ᠪᠦᠲᠦᠮᠵᠢ ᠣᠯᠣᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠵᠢᠯ ᠤᠨ ᠡᠴᠦᠰ ᠠᠴᠠ ᠡᠮᠦᠨ᠎ᠡ᠂ ᠬᠠᠶᠢᠷᠣᠪ ᠤᠨ ᠲᠤᠬᠤᠢ ᠲᠤᠭᠤᠷᠢᠭ ᠰᠣᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ ᠲᠠᠷᠬᠠᠭᠠᠭᠰᠠᠨ ᠦᠭᠡᠢ ᠮᠦᠷᠲᠡᠭᠡᠨ ᠦᠪᠡᠷ ᠢᠶᠠᠨ ᠵᠣᠭᠰᠣᠭᠠᠭᠰᠠᠨ ᠦᠭᠡᠢ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠣᠮᠵᠢ ᠶᠢ ᠲᠣᠶᠢᠯᠪᠣᠷᠢᠲᠠᠢ ᠪᠠᠶᠢᠴᠠᠭᠠᠨ ᠴᠡᠭᠴᠡᠯᠡᠵᠦ᠂ ᠡᠭᠦᠨ ᠤ ᠬᠠᠮᠲᠦ ᠬᠠᠷ᠎ᠠ ᠴᠠᠭᠠᠨ ᠳᠠᠩᠰᠠ ᠪᠠ ᠨᠠᠵᠠᠭᠠᠢ ᠵᠦᠢᠯ ᠤᠨ ᠨᠠᠷᠢᠨ ᠳᠠᠩᠰᠠ ᠶᠢ ᠭᠠᠷᠭᠠᠵᠦ᠂ ᠬᠢᠨᠠᠨ ᠵᠦᠪᠰᠢᠶᠡᠷᠡᠯ ᠢ ᠦᠩᠭᠡᠷᠡᠭᠡᠭᠰᠡᠨ ᠳᠠᠩᠰᠠᠯᠣᠯᠲᠠ ᠬᠢᠭᠰᠡᠳ ᠲᠤ᠂ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠪᠠᠶᠢᠭᠤᠯᠤᠮᠵᠢ ᠶᠢᠨ ᠨᠡᠷᠡᠰ ᠵᠢᠴᠢ ᠭᠤᠣᠯ ᠴᠢᠮᠡᠭᠡ ᠵᠠᠩᠭᠢ ᠶᠢ ᠨᠡᠶᠢᠲᠡᠯᠡᠵᠦ᠂ ᠨᠠᠵᠠᠭᠠᠢ ᠲᠠᠯ᠎ᠠ ᠎ ᠶᠢᠨ ᠨᠠᠷᠢᠨ ᠳᠠᠩᠰᠠ ᠳᠤ ᠵᠢᠭᠰᠠᠭᠠᠭᠳᠠᠭᠰᠠᠨ ᠠᠵᠢᠯᠯᠠᠭᠠᠨ ᠤ ᠪᠠᠶᠢᠭᠤᠯᠤᠮᠵᠢ ᠶᠢ ᠬᠠᠷ᠎ᠠ ᠳᠠᠩᠰᠠ ᠳᠤ ᠣᠷᠣᠭᠤᠯᠣᠭᠰᠠᠨ ᠪᠠᠶᠢᠨ᠎ᠠ᠃
 
ᠢᠷᠡᠯᠲᠡ᠄ ᠦᠬᠠᠢ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号