ᠬᠠᠶᠢᠷᠤᠪ ᠤᠨ ᠲᠤᠬᠤᠢ ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠬᠤᠷᠠᠯᠳᠤᠵᠤ᠂ ᠪᠦᠬᠦ ᠤᠯᠤᠰ᠂ ᠦᠪᠡᠷᠲᠡᠭᠡᠨ ᠵᠠᠰᠠᠬᠤ ᠤᠷᠤᠨ ᠪᠤᠯᠤᠨ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠨᠠᠭᠠᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠪᠠ
ᠨᠡᠶᠢᠲᠡᠯᠡᠭᠰᠡᠨ ᠴᠠᠭ᠄
2018-12-05
    ᠠᠷᠪᠠᠨ ᠨᠢᠬᠡᠳᠦᠭᠡᠷ ᠰᠠᠷ᠎ᠠ ᠶᠢᠨ ᠠᠷᠪᠠᠨ ᠭᠤᠷᠪᠠᠨ ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠬᠤᠷᠠᠯᠳᠤᠵᠤ᠂ ᠪᠦᠬᠦ ᠤᠯᠤᠰ᠂ ᠦᠪᠡᠷᠲᠡᠭᠡᠨ ᠵᠠᠰᠠᠬᠤ ᠤᠷᠤᠨ ᠪᠤᠯᠤᠨ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠨᠠᠭᠠᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠦ᠂ ᠬᠠᠶᠢᠷᠤᠪ ᠤᠨ ᠲᠤᠬᠤᠢ ᠲᠤᠭᠤᠷᠢᠭ ᠤᠨ ᠤᠲᠤᠬᠠᠨ ᠪᠤᠯᠤᠨ ᠳᠠᠷᠠᠭᠠᠴᠢ ᠶᠢᠨ ᠬᠡᠰᠡᠭ ᠬᠤᠭᠤᠴᠠᠭᠠᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠲᠤᠬᠢᠷᠠᠭᠤᠯᠤᠨ ᠪᠠᠶᠢᠷᠢᠰᠢᠭᠤᠯᠵᠠᠢ᠃ ᠬᠠᠶᠢᠷᠤᠪ ᠤᠨ ᠲᠤᠬᠤᠢ ᠲᠤᠭᠤᠷᠢᠭ ᠳᠠᠷᠠᠭᠠᠴᠢ ᠶᠢᠨ ᠠᠯᠬᠤᠮ ᠳᠤ᠂ ᠲᠦᠪ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠎ ᠶᠢᠨ ᠲᠤᠷᠠᠳᠤᠭᠰᠠᠨ ᠬᠠᠷᠠᠯᠲᠠ ᠡᠭᠦᠷᠬᠡ ᠶᠢ ᠭᠤᠶᠢᠪᠠᠰᠢ ᠦᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠲᠠᠲᠦ ᠪᠠᠶᠢᠳᠠᠯ ᠲᠠᠢ ᠤᠶᠠᠯᠳᠤᠭᠤᠯᠤᠨ᠂ ᠨᠠᠷᠢᠨ ᠬᠢᠨᠠᠮᠠᠭᠠᠢ ᠰᠤᠲᠤᠯᠤᠨ᠂ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ᠂  ᠠᠵᠢᠯ ᠤᠨ ᠡᠭᠦᠷᠭᠡ᠂ ᠠᠵᠢᠯ ᠤᠨ ᠭᠤᠤᠯᠳᠠᠯᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠠᠷᠭ᠎ᠠ ᠠᠪᠴᠠᠯ ᠢ ᠲᠤᠭᠲᠠᠭᠠᠵᠦ᠂ ᠬᠡᠷᠡᠭᠵᠢᠬᠦᠯᠦᠭᠳᠡᠵᠦ ᠪᠤᠯᠬᠤᠶᠢᠴᠠ ᠠᠵᠢᠯ ᠤᠨ ᠰᠡᠳᠬᠢᠴᠡ ᠪᠤᠯᠤᠨ ᠠᠵᠢᠯ ᠤᠨ ᠲᠦᠰᠦᠯ ᠢ  ᠪᠦᠷᠢᠯᠳᠦᠬᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠰᠢᠨ᠎ᠡ ᠤᠨᠴᠠᠯᠢᠭ ᠢ  ᠢᠯᠡᠷᠡᠭᠦᠯᠦᠨ᠂ ᠰᠢᠨ᠎ᠡ ᠬᠢᠯᠠᠰ ᠴᠡᠭ ᠭᠠᠷᠭᠠᠵᠦ᠂ ᠰᠢᠨ᠎ᠡ ᠠᠬᠤᠢ ᠪᠠᠶᠢᠳᠠᠯ ᠢ ᠪᠦᠷᠢᠯᠳᠦᠬᠦᠯᠬᠦ ᠶᠢ ᠪᠠᠲᠤᠯᠠᠨ᠂ ᠬᠠᠶᠢᠷᠤᠪ ᠤᠨ ᠲᠤᠬᠤᠢ ᠲᠤᠭᠤᠷᠢᠭ ᠤᠨ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠶᠢ ᠪᠡᠶᠡᠯᠡᠬᠦᠯᠬᠦ ᠠᠬᠢᠴᠠ ᠶᠢ ᠲᠦᠷᠭᠡᠳᠬᠡᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠲᠤᠯᠭ᠎ᠠ᠂ ᠶᠠᠷᠢᠶ᠎ᠠ ᠬᠡᠯᠡᠯᠴᠡᠭᠡᠨ ᠤ ᠳᠡᠮᠵᠢᠯᠭᠡ᠂ ᠤᠶᠤᠨ ᠰᠠᠨᠠᠭᠠᠨ ᠤ ᠬᠦᠳᠡᠯᠬᠡᠬᠦ ᠬᠦᠴᠦᠨ ᠪᠤᠯᠤᠨ ᠰᠤᠶᠤᠯ ᠤᠨ ᠨᠦᠬᠦᠴᠡᠯ ᠢ ᠬᠠᠩᠭᠠᠬᠤ ᠪᠠᠷ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号