11 ᠳ᠋ᠤᠭᠠᠷ ᠰᠠᠷ᠎ᠠ ᠶᠢᠨ 23᠎ ᠤ ᠡᠳᠦᠷ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠢᠷᠭᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-12-05
     11 ᠳ᠋ᠤᠭᠠᠷ ᠰᠠᠷ᠎ᠠ ᠶᠢᠨ 23᠎ ᠤ ᠡᠳᠦᠷ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠢᠷᠭᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ  ᠵᠢᠷᠭᠤᠳᠤᠭᠠᠷ ᠬᠤᠭᠤᠴᠠᠭᠠᠨ ᠤ ᠲᠡᠷᠢᠭᠦᠯᠦᠭᠴᠢ᠂ ᠳᠡᠳ᠋ ᠲᠡᠷᠢᠭᠦᠯᠦᠭᠴᠢ᠂ ᠪᠠᠶᠢᠩᠭᠤ ᠶᠢᠨ ᠭᠡᠰᠢᠭᠦᠨ ᠪᠤᠯᠤᠨ ᠨᠡᠶᠢᠭᠡᠮᠯᠢᠭ ᠤᠨ ᠭᠡᠰᠢᠭᠦᠨ ᠢ ᠰᠤᠩᠭᠤᠨ ᠭᠠᠷᠭᠠᠵᠠᠢ᠃ ᠡᠭᠦᠨ ᠤ ᠬᠠᠮᠲᠤ ᠤᠶᠢᠷ᠎ᠠ ᠶᠢᠨ ᠵᠢᠯ ᠠᠴᠠ ᠨᠠᠭᠠᠰᠢᠬᠢ ᠮᠠᠨ ᠤ ᠬᠤᠲᠠ ᠳᠤ ᠴᠤᠯᠭᠠᠷᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠰᠢᠰᠲ᠋ᠧᠮ ᠤᠨ ᠲᠡᠷᠢᠭᠦᠨ ᠤ ᠨᠢᠭᠡᠴᠢ ᠪᠤᠯᠤᠨ ᠲᠡᠷᠢᠭᠦᠨ ᠤ ᠠᠵᠢᠯᠲᠠᠳ ᠢ ᠱᠠᠩᠨᠠᠨ ᠬᠦᠬᠢᠭᠦᠯᠦᠭᠰᠡᠨ ᠪᠠᠶᠢᠨ᠎ᠠ᠃          ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠳᠤᠭᠤᠶᠢᠯᠠᠩ ᠤᠨ ᠱᠦᠵᠢ᠂ ᠳᠡᠳ᠋ ᠲᠡᠷᠢᠭᠦᠯᠦᠭᠴᠢ ᠮᠠ ᠺᠦᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠨᠠᠷ ᠬᠤᠷᠠᠯ ᠳᠤ ᠤᠷᠤᠯᠴᠠᠵᠠᠢ᠃ ᠮᠠ ᠺᠦᠢ᠂ ᠮᠠᠨ ᠤ ᠬᠤᠲᠠ ᠶᠢᠨ ᠦᠩᠭᠡᠷᠡᠭᠰᠡᠨ 6 ᠵᠢᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠢᠷ ᠢ ᠲᠤᠭᠤᠯᠵᠤ ᠰᠢᠨᠡᠴᠢᠯᠡᠬᠦ ᠶᠢ ᠠᠬᠢᠭᠤᠯᠵᠤ᠂ ᠰᠢᠨᠵᠢᠯᠡᠭᠡ ᠰᠤᠳᠤᠯᠭᠠᠨ ᠤ ᠦᠷ᠎ᠡ ᠪᠦᠲᠦᠮᠵᠢ ᠶᠢ ᠬᠤᠪᠢᠷᠠᠭᠤᠯᠬᠤ ᠵᠡᠷᠭᠡ ᠲᠠᠯ᠎ᠠ ᠳᠤ  ᠬᠢᠭᠰᠡᠨ ᠠᠵᠢᠯ ᠢ ᠭᠦᠢᠴᠡᠳ ᠨᠤᠲᠠᠯᠠᠵᠠᠢ᠃ ᠲᠡᠷᠡᠪᠡᠷ ᠮᠠᠨ ᠤ ᠬᠤᠲᠠ ᠶᠢᠨ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠰᠠᠨᠠᠭᠠᠴᠢᠯᠠᠭ᠎ᠠ ᠠᠴᠠ ᠪᠠᠨ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠠᠷ ᠬᠠᠷᠠᠯᠲᠠ ᠪᠠᠨ ᠪᠤᠯᠭᠠᠵᠤ᠂ ᠨᠢᠭᠡ ᠪᠦᠯᠦᠭ ᠭᠤᠤᠯᠳᠠᠯᠭᠠᠳᠤ ᠢᠨᠵᠧᠨᠧᠷᠢᠩ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠪᠦᠯᠦᠭ ᠨᠡᠷᠡᠲᠦ ᠲᠡᠮᠳᠡᠭᠲᠦ ᠠᠵᠢᠯᠯᠠᠭ᠎ᠠ ᠶᠢ ᠴᠤᠭᠴᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠳᠤᠨ ᠲᠠᠯᠠᠪᠤᠷ᠂ ᠰᠢᠨᠵᠢᠯᠡᠬᠦ ᠤᠬᠠᠭᠠᠨ ᠢ ᠳᠡᠯᠭᠡᠷᠡᠭᠦᠯᠬᠦ ᠮᠠᠰᠢᠨ ᠲᠡᠷᠭᠡ᠂ ᠰᠢᠨᠵᠢᠯᠡᠬᠦ ᠤᠬᠠᠭᠠᠨ ᠢ ᠳᠡᠯᠭᠡᠷᠡᠭᠦᠯᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ ᠵᠡᠷᠭᠡ ᠡᠯ᠎ᠡ ᠲᠦᠷᠦᠯ ᠎ ᠤᠨ ᠰᠢᠨᠵᠢᠯᠡᠬᠦ ᠤᠬᠠᠭᠠᠨ ᠢ ᠳᠡᠯᠭᠡᠷᠡᠭᠦᠯᠬᠦ ᠲᠦᠬᠦᠭᠡᠷᠦᠮᠵᠢ ᠶᠢᠨ ᠦᠢᠯᠡᠳᠦᠯ ᠢ ᠰᠠᠶᠢᠲᠤᠷ ᠪᠠᠳᠠᠷᠡᠠᠭᠤᠯᠵᠤ᠂ ᠰᠢᠨᠵᠢᠯᠡᠬᠦ ᠤᠬᠠᠭᠠᠨ ᠤ ᠤᠬᠠᠭᠤᠯᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠤᠬᠠᠭᠤᠯᠭ᠎ᠠ ᠶᠢᠨ ᠨᠡᠶᠢᠭᠡᠮ ᠤᠨ ᠰᠠᠭᠤᠷᠢ ᠶᠢ ᠲᠠᠰᠤᠷᠠᠯᠲᠡ ᠦᠭᠡᠢ ᠪᠠᠲᠤᠵᠢᠭᠤᠯᠬᠤ ᠬᠡᠷᠡᠭᠲᠡᠢ ᠭᠡᠵᠦ ᠱᠠᠭᠠᠷᠳᠠᠵᠡᠢ᠃      ᠬᠤᠷᠠᠯ ᠳᠡᠭᠡᠷ᠎ᠡ ᠪᠠᠰᠠ ᠬᠠᠶᠢᠷᠤᠪ ᠤᠨ ᠲᠤᠬᠤᠢ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ ᠤᠨ ᠨᠡᠶᠢᠭᠡᠮᠯᠢᠭ ᠵᠡᠷᠭᠡ 20 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠷᠢᠭᠦᠨ ᠤ ᠨᠢᠭᠡᠴᠢ ᠪᠤᠯᠤᠨ ᠭᠤᠤ ᠱᠢ ᠯᠢᠨ ᠵᠡᠷᠭᠡ 36 ᠲᠡᠷᠢᠭᠦᠨ ᠤ ᠠᠵᠢᠯᠲᠠᠨ ᠢ ᠱᠠᠩᠨᠠᠨ ᠬᠦᠬᠢᠭᠦᠯᠦᠭᠰᠡᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号