ᠬᠠᠶᠢᠷᠣᠪ ᠤᠨ ᠲᠣᠬᠤᠢ ᠲᠣᠭᠤᠷᠢᠭ ᠨᠢᠭᠡ ᠰᠢᠷᠢᠰ ᠬᠦᠴᠦᠨ ᠲᠠᠢ ᠠᠷᠭ᠎ᠠ ᠬᠡᠮᠵᠢᠶ᠎ᠡ ᠶᠢ ᠠᠪᠴᠦ᠂ ᠨᠢᠭᠡ ᠪᠦᠯᠦᠭ ᠴᠢᠬᠤᠯᠠ ᠶᠡᠭᠡ ᠬᠡᠷᠡᠭ ᠢ ᠮᠦᠷᠳᠡᠨ ᠢᠯᠡᠷᠡᠭᠦᠯᠵᠦ᠂ ᠨᠢᠭᠡ ᠪᠦᠯᠦᠭ ᠬᠠᠷᠬᠢᠰ ᠬᠦᠴᠦᠨ ᠤ ᠬᠠᠮᠰᠠᠭᠠᠲᠠᠨ ᠢ ᠡᠷᠡᠰ ᠴᠢᠩᠭ᠎ᠠ ᠪᠠᠷ ᠰᠢᠢᠳᠪᠦᠷᠢᠯᠡᠵᠦ᠂ ᠠᠮᠣᠷ ᠲᠤᠭᠲᠠᠭᠤᠨ ᠨᠡᠶᠢᠭᠡᠮ ᠤᠨ ᠣᠷᠴᠢᠨ ᠲᠤᠭᠤᠷᠢᠨ ᠢ ᠪᠦᠷᠢᠯᠳᠦᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠪᠠ
ᠨᠡᠶᠢᠲᠡᠯᠡᠭᠰᠡᠨ ᠴᠠᠭ᠄
2018-12-05
     ︽ᠬᠠᠷ᠎ᠠ ᠪᠦᠯᠦᠭᠲᠡᠨ ᠢ ᠱᠦᠭᠦᠷᠲᠡᠨ  ᠬᠠᠷᠬᠢᠰ ᠬᠦᠴᠦᠨ ᠢ ᠠᠷᠢᠯᠭᠠᠬᠤ︾ ᠲᠣᠰᠬᠠᠢ ᠲᠦᠷᠦᠯ ᠤᠨ ᠲᠡᠮᠡᠴᠡᠯ ᠎ ᠢ ᠶᠠᠪᠣᠭᠤᠯᠣᠭᠰᠠᠨ ᠠᠴᠠ ᠨᠠᠰᠢ᠂ ᠬᠠᠶᠢᠷᠣᠪ ᠤᠨ ᠲᠣᠬᠤᠢ ᠲᠣᠭᠤᠷᠢᠭ ᠨᠢᠭᠡ ᠰᠢᠷᠢᠰ ᠬᠦᠴᠦᠨ ᠲᠠᠢ ᠠᠷᠭ᠎ᠠ ᠬᠡᠮᠵᠢᠶ᠎ᠡ ᠶᠢ ᠠᠪᠴᠦ᠂ ᠨᠢᠭᠡ ᠪᠦᠯᠦᠭ ᠴᠢᠬᠤᠯᠠ ᠶᠡᠭᠡ ᠬᠡᠷᠡᠭ ᠢ ᠮᠦᠷᠳᠡᠨ ᠢᠯᠡᠷᠡᠭᠦᠯᠵᠦ᠂ ᠨᠢᠭᠡ ᠪᠦᠯᠦᠭ ᠬᠠᠷᠬᠢᠰ ᠬᠦᠴᠦᠨ ᠤ ᠬᠠᠮᠰᠠᠭᠠᠲᠠᠨ ᠢ ᠡᠷᠡᠰ ᠴᠢᠩᠭ᠎ᠠ ᠪᠠᠷ ᠰᠢᠢᠳᠪᠦᠷᠢᠯᠡᠵᠦ᠂ ᠠᠮᠣᠷ ᠲᠤᠭᠲᠠᠭᠤᠨ ᠨᠡᠶᠢᠭᠡᠮ ᠤᠨ ᠣᠷᠴᠢᠨ ᠲᠤᠭᠤᠷᠢᠨ ᠢ ᠪᠦᠷᠢᠯᠳᠦᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠭᠰᠠᠨ ᠪᠠᠶᠢᠨ᠎ᠠ᠃      ᠬᠠᠶᠢᠷᠣᠪ ᠤᠨ ᠲᠣᠬᠤᠢ ᠲᠣᠭᠤᠷᠢᠭ ᠠᠴᠠ ︽ᠬᠠᠶᠢᠷᠣᠪ ᠤᠨ ᠲᠣᠬᠤᠢ ᠲᠣᠭᠤᠷᠢᠭ ᠤᠨ ᠬᠠᠷ᠎ᠠ ᠪᠦᠯᠦᠭᠲᠡᠨ ᠢ ᠱᠦᠭᠦᠷᠲᠡᠨ  ᠬᠠᠷᠬᠢᠰ ᠬᠦᠴᠦᠨ ᠢ ᠠᠷᠢᠯᠭᠠᠬᠤ ᠲᠣᠰᠬᠠᠢ ᠲᠦᠷᠦᠯ ᠤᠨ ᠲᠡᠮᠡᠴᠡᠭᠡᠨ ᠤ ᠠᠵᠢᠯ ᠤᠨ ᠲᠦᠰᠦᠪ︾᠎ ᠢ ᠲᠤᠭᠲᠠᠭᠠᠵᠦ᠂ ᠬᠠᠷ᠎ᠠ ᠪᠦᠯᠦᠭᠲᠡᠨ ᠢ ᠱᠦᠭᠦᠷᠲᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠪᠦᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠢᠶᠠᠷ ᠪᠠᠶᠢᠷᠢᠯᠠᠭᠤᠯᠣᠨ᠂ ᠨᠠᠶᠢᠳᠠᠪᠣᠷᠢᠵᠢᠭᠤᠯᠤᠭᠰᠠᠨ ᠪᠠᠶᠢᠨ᠎ᠠ᠃ ᠡᠯ᠎ᠡ ᠲᠦᠷᠦᠯ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯ ᠳᠣᠮᠳᠠ ᠣᠷᠣᠰᠢᠵᠦ ᠪᠠᠶᠢᠭ᠎ᠠ ᠠᠰᠠᠭᠤᠳᠠᠯ᠂ ᠬᠠᠶᠢᠷᠣᠪ ᠤᠨ ᠲᠣᠬᠤᠢ ᠲᠣᠭᠤᠷᠢᠭ ᠤᠨ ᠲᠣᠪᠣᠶᠢᠮ᠎ᠠ ᠠᠰᠠᠭᠤᠳᠠᠯ ᠤᠨ ᠬᠦᠳᠦᠯᠦᠮᠵᠢ ᠳᠤ ᠴᠢᠭᠯᠡᠭᠦᠯᠦᠨ᠂ ᠳᠦᠷᠢᠮ ᠲᠣᠭᠲᠠᠭᠠᠨ ᠪᠠᠶᠢᠭᠤᠯᠤᠯ ᠪᠦᠷᠢᠯᠳᠦᠭᠦᠯᠬᠦ ᠶᠢ ᠰᠠᠶᠢᠲᠣᠷ ᠠᠳᠬᠤᠵᠦ᠂ ︽ᠬᠠᠷ᠎ᠠ ᠪᠦᠯᠦᠭᠲᠡᠨ ᠢ ᠱᠦᠭᠦᠷᠲᠡᠨ  ᠬᠠᠷᠬᠢᠰ ᠬᠦᠴᠦᠨ ᠢ ᠠᠷᠢᠯᠭᠠᠬᠤ ᠲᠣᠰᠬᠠᠢ ᠲᠦᠷᠦᠯ ᠤᠨ ᠲᠡᠮᠡᠴᠡᠭᠡᠨ ᠤ ᠴᠢᠮᠡᠭᠡ ᠵᠠᠩᠭᠢ ᠶᠢᠨ ᠳᠦᠭᠦᠮ ᠮᠡᠳᠡᠭᠡ ᠪᠠ ᠣᠬᠠᠭᠤᠯᠭ᠎ᠠ ᠶᠢᠨ ᠠᠵᠢᠯ ᠤᠨ ᠲᠦᠰᠦᠪ︾᠎ ᠢ ᠭᠠᠷᠭᠠᠵᠦ᠂ ︽ᠲᠣᠮᠢᠯᠠᠭᠰᠠᠨ ᠰᠠᠯᠪᠣᠷᠢ ᠠᠴᠠ ᠬᠠᠷ᠎ᠠ ᠪᠦᠯᠦᠭ ᠶᠠᠯᠠᠲᠦ ᠠᠵᠢᠯᠯᠠᠭ᠎ᠠ ᠲᠠᠢ ᠬᠤᠯᠪᠣᠭᠳᠠᠭᠰᠠᠨ ᠰᠦᠪᠡᠭᠴᠢ ᠶᠢ ᠪᠦᠮᠪᠦᠷᠢᠭᠡ ᠬᠡᠯᠪᠡᠷᠢ ᠪᠠᠷ ᠪᠠᠶᠢᠴᠠᠭᠠᠨ ᠢᠯᠴᠢᠯᠡᠬᠦ ᠲᠣᠭᠳᠠᠯᠴᠠᠭ᠎ᠠ︾᠂ ︽ᠬᠠᠷ᠎ᠠ ᠪᠦᠯᠦᠭᠲᠡᠨ ᠢ ᠱᠦᠭᠦᠷᠲᠡᠨ ᠬᠠᠷᠬᠢᠰ ᠬᠦᠴᠦᠨ ᠢ ᠠᠷᠢᠯᠭᠠᠬᠤ ᠬᠤᠯᠪᠣᠭᠠᠲᠣ ᠬᠤᠷᠠᠯ ᠤᠨ ᠲᠣᠭᠲᠠᠯᠴᠠᠭ᠎ᠠ︾ ᠵᠡᠷᠭᠡ ᠬᠠᠮᠢᠶ᠎ᠠ ᠪᠦᠬᠦᠢ ᠳᠦᠷᠢᠮ ᠲᠤᠭᠲᠠᠭᠠᠯ ᠢ ᠲᠤᠭᠲᠠᠭᠠᠭᠰᠠᠨ ᠪᠠᠶᠢᠨ᠎ᠠ᠃  
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号