ᠲᠤᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠰᠢᠨ ᠶᠤᠸᠠᠨ ᠨᠡᠶᠢᠭᠡᠮ ᠲᠤᠭᠤᠷᠢᠭ  ᠲᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠪᠤᠭᠤᠮᠲᠡ ᠰᠢᠪᠳᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-12-05
     12 ᠳ᠋ᠤᠭᠠᠷ ᠰᠠᠷ᠎ᠠ ᠶᠢᠨ 3 ᠤ ᠡᠳᠤᠷ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠰᠢᠨ ᠶᠤᠸᠠᠨ ᠨᠡᠶᠢᠭᠡᠮ ᠲᠤᠭᠤᠷᠢᠭ ᠲᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠪᠤᠭᠤᠮᠲᠡ ᠰᠢᠪᠳᠤᠯᠬᠤ ᠠᠵᠢᠯ ᠢ ᠪᠠᠶᠢᠴᠠᠭᠠᠨ ᠰᠤᠳᠤᠯᠵᠦ᠂ ᠵᠢᠶᠠ ᠱᠦᠵᠢ ᠳᠠᠩᠰᠠ ᠡᠪᠬᠡᠮᠡᠯ ᠪᠠᠶᠢᠭᠤᠯᠤᠨ ᠺᠠᠷᠲ᠋ᠠᠯᠠᠭᠰᠠᠨ ᠶᠠᠳᠠᠭᠤ ᠬᠦᠴᠢᠷᠳᠡᠯᠲᠠᠢ ᠡᠷᠤᠬᠡ ᠵᠤᠤ ᠷᠦᠨ ᠴᠧᠩ ᠤᠨ ᠭᠡᠷ ᠲᠤ ᠬᠦᠷᠴᠦ ᠲᠤᠬᠤᠨᠢᠭᠤᠯᠤᠨ᠂ ᠤᠶᠢᠷ᠎ᠠ ᠶᠢᠨ ᠡᠳᠤᠷ ᠤᠨ ᠠᠮᠢᠳᠤᠷᠠᠯ ᠤᠨ ᠪᠠᠶᠢᠳᠠᠯ ᠢ ᠲᠤᠳᠤᠨᠤᠰᠤᠭ ᠢᠶᠠᠷ ᠠᠰᠠᠭᠤᠵᠠᠢ᠃ ᠳᠠᠷᠠᠭ᠎ᠠ ᠨᠢ ᠰᠢᠨ ᠶᠤᠸᠠᠨ ᠨᠡᠶᠢᠭᠡᠮ ᠲᠤᠭᠤᠷᠢᠭ ᠤᠨ ᠶᠠᠳᠠᠭᠤ ᠶᠢ ᠲᠡᠳᠭᠦᠬᠦ ᠬᠠᠮᠢᠶ᠎ᠠ ᠪᠦᠬᠦᠢ ᠮᠠᠲ᠋ᠧᠷᠢᠶᠠᠯ᠂ ᠳᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠦᠭᠡᠳ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠪᠤᠯᠭᠤᠭᠠᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠦ ᠬᠤ᠋᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠰᠬᠤᠨ ᠳᠤ ᠰᠠᠭᠤᠭ᠎ᠠ ᠠᠵᠢᠯ ᠤᠨ ᠶᠡᠷᠤᠩᠬᠡᠢ ᠠᠩᠬᠢ  ᠶᠢᠨ ᠳᠠᠷᠤᠭ᠎ᠠ ᠰᠦᠩ ᠰᠢ ᠳ᠋ᠦᠩ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠠᠢ᠃

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号