ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠳᠤ ᠳᠠᠪᠤᠨ ᠲᠦᠷᠦᠯ ᠤᠨ ᠨᠦᠬᠦᠪᠦᠷᠢ ᠨᠡᠮᠡᠭᠳᠡᠪᠡ
ᠨᠡᠶᠢᠲᠡᠯᠡᠭᠰᠡᠨ ᠴᠠᠭ᠄
2018-12-06
ᠰᠢᠨ᠎ᠡ ᠪᠠᠷ ᠨᠡᠮᠡᠭᠳᠡᠭᠰᠡᠨ ᠨᠦᠬᠦᠪᠦᠷᠢ ᠭᠤᠤᠯᠳᠠᠭᠤ᠄      ᠨᠢᠭᠡ᠂ ᠬᠦᠨᠳᠦ ᠡᠪᠡᠳᠴᠢᠳᠡᠨ ᠢ ᠠᠪᠤᠷᠠᠨ ᠳᠤᠰᠠᠯᠠᠬᠤ ᠨᠦᠬᠦᠪᠦᠷᠢ      ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠳᠤᠰ ᠪᠡᠶ᠎ᠡ ᠨᠢ ᠳᠠᠷᠤᠢ ᠬᠦᠨᠳᠦ ᠡᠪᠡᠳᠴᠢᠳᠡᠨ ᠤ ᠡᠮᠨᠡᠬᠦᠯᠬᠦ ᠶᠢ ᠨᠢᠭᠡᠳᠦᠯᠳᠡᠢ ᠳᠤᠬᠢᠷᠠᠭᠤᠯᠬᠤ ᠪᠠᠷ ᠭᠤᠤᠯᠳᠠᠭᠤᠯᠤᠭᠰᠠᠨ ᠡᠮ ᠡᠮᠨᠡᠯᠭᠡ ᠶᠢᠨ ᠪᠠᠳᠤᠯᠠᠪᠤᠷᠢ ᠶᠢᠨ ᠲᠦᠷᠢᠮ ᠶᠤᠮ᠃ ᠭᠡᠯᠡᠯᠭᠡᠨ ᠦᠭᠡᠢ᠂ ᠪᠤᠳᠠᠳᠤ ᠠᠮᠢᠳᠤᠷᠠᠯ ᠤᠨ ᠳᠤᠮᠳᠠ ᠬᠦᠳᠡᠭᠡ ᠳᠤᠰᠬᠤᠨ ᠳᠤ ᠬᠦᠨᠳᠦ ᠡᠪᠡᠳᠴᠢᠨ ᠢ ᠡᠮᠨᠡᠬᠦᠯᠦᠭᠰᠡᠨ ᠠᠴᠠ ᠨᠢᠭᠡᠯᠡ ᠰᠦᠨᠢ ᠶᠢᠨ ᠬᠤᠭᠤᠷᠤᠨᠳᠤ ᠳᠠᠬᠢᠭᠠᠳ ᠶᠠᠳᠠᠭᠤᠷᠠᠭᠰᠠᠨ ᠭᠡᠷ ᠪᠦᠯᠢ ᠮᠤᠩ ᠦᠭᠡᠢ᠂ ᠡᠶᠢᠮᠦ ᠠᠴᠠ ᠮᠠᠯᠴᠢᠨ ᠳᠠᠷᠢᠶᠠᠴᠢᠨ ᠤ ︽ᠬᠦᠨᠳᠤ ᠡᠪᠡᠳᠴᠢᠨ ᠢᠶᠠᠷ ᠶᠠᠳᠠᠭᠤᠷᠠᠬᠤ︾  ᠪᠠᠶᠢᠳᠠᠯ ᠢ ᠨᠠᠮᠳᠠᠭᠤᠯᠬᠤ ᠶᠢᠨ ᠲᠦᠯᠦᠭᠡ᠂ ᠳᠤᠬᠢᠷᠠᠭᠤᠯᠤᠯᠳᠠ ᠬᠢᠭᠰᠡᠨ ᠤ ᠳᠠᠷᠠᠭᠠᠬᠢ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠰᠢᠨ᠎ᠡ ᠳᠤᠭᠳᠠᠭᠠᠯ ᠭᠠᠷᠭᠠᠪᠠ᠄ ᠳᠠᠷᠤᠢ ᠬᠦᠨᠳᠦ ᠡᠪᠡᠳᠴᠢᠨ ᠳᠤ ᠨᠡᠷᠪᠡᠭᠳᠡᠭᠰᠡᠳ ᠰᠢᠨ᠎ᠡ  ᠮᠠᠶ᠋ᠢᠭ ᠤᠨ ᠬᠤᠷᠰᠢᠬᠰᠠᠨ ᠡᠮᠨᠡᠯᠭᠡ ᠪᠠᠷ 70% ᠤᠷᠴᠢᠮ ᠤᠨ ᠡᠮᠨᠡᠬᠦᠯᠦᠭᠰᠡᠨ ᠰᠦᠢᠳᠭᠡᠯ ᠢᠶᠠᠨ ᠰᠢᠭᠤᠳ ᠳᠠᠩᠰᠠ ᠳᠠᠶᠢᠯᠤᠭᠤᠯᠵᠤ ᠪᠤᠯᠤᠨ᠎ᠠ᠃      ᠬᠤᠶᠠᠷ᠂ ᠳᠤᠰᠬᠠᠢ ᠲᠦᠷᠦᠯ ᠤᠨ ᠡᠪᠡᠳᠴᠢᠨ ᠳᠤ ᠨᠡᠷᠪᠡᠭᠳᠡᠭᠰᠡᠳ ᠢ ᠠᠪᠤᠷᠠᠨ ᠳᠤᠰᠠᠯᠠᠬᠤ ᠨᠦᠬᠦᠪᠦᠷᠢ      ᠭᠤᠷᠪᠠ᠂ ᠦᠷᠬᠦᠯᠵᠢ ᠳᠤᠬᠢᠶᠠᠯᠳᠤᠳᠠᠭ ᠡᠪᠡᠳᠴᠢᠨ ᠤ ᠬᠡᠮᠵᠢᠶ᠎ᠠ ᠳᠤᠭᠳᠠᠬᠤ ᠦᠬᠡᠢ ᠪᠠᠷ ᠡᠮᠨᠡᠬᠦᠯᠬᠦ  ᠨᠦᠬᠦᠪᠦᠷᠢ      ᠲᠦᠷᠪᠡ᠂ ᠤᠳᠠᠭᠠᠨ ᠴᠢᠨᠠᠷᠳᠠᠢ ᠡᠪᠡᠳᠴᠢᠨ ᠢ ᠰᠢᠭᠤᠳ ᠳᠠᠩᠰᠠ ᠳᠠᠶᠢᠯᠬᠤ ᠨᠦᠬᠦᠪᠦᠷᠢ      ᠠᠩᠬᠠᠷᠠᠭᠤᠰᠢᠳᠠᠢ ᠨᠢ᠂ ᠲᠡᠭᠡᠷ᠎ᠡ ᠳᠤᠷᠠᠳᠤᠭᠰᠠᠨ ᠭᠤᠷᠪᠠᠨ ᠲᠦᠷᠦᠯ ᠤᠨ ᠰᠢᠨ᠎ᠡ ᠪᠠᠷ ᠨᠡᠮᠡᠭᠳᠡᠭᠰᠡᠨ  ᠨᠦᠬᠦᠪᠦᠷᠢ ᠶᠢᠨ ᠪᠤᠳᠠᠳᠠᠢ ᠨᠦᠬᠦᠪᠦᠷᠢᠯᠡᠬᠦ ᠪᠠᠷᠢᠮᠵᠢᠶ᠎ᠠ ᠶᠢ ᠡᠯ᠎ᠡ ᠮᠤᠵᠢ ᠬᠤᠳᠠ ᠶᠢᠨ ᠲᠤᠬᠳᠠᠭᠠᠯ ᠠᠳᠠᠯᠢ ᠪᠤᠰᠤ  ᠪᠠᠶᠢᠳᠠᠭ ᠠᠴᠠ ᠳᠤᠬᠠᠢ ᠶᠢᠨ ᠭᠠᠵᠠᠷ ᠤᠨ ᠳᠤᠰᠬᠤᠨ ᠤ ᠵᠦᠪᠯᠡᠯ ᠠᠴᠠ ᠯᠠᠪᠯᠠᠬᠤ ᠴᠢᠬᠤᠯᠠᠳᠠᠢ᠃      ᠳᠠᠪᠤ᠂ ᠪᠦᠬᠦ ᠰᠦᠢᠳᠭᠡᠯ ᠢ ᠨᠢ ᠳᠤᠰᠢᠶᠠᠵᠤ ᠦᠭᠬᠦ ᠨᠦᠬᠦᠪᠦᠷᠢ      ᠪᠦᠬᠦ ᠰᠦᠢᠳᠭᠡᠯ ᠢ ᠨᠢ ᠳᠤᠰᠢᠶᠠᠵᠤ ᠦᠭᠬᠦ ᠭᠡᠳᠡᠭ ᠨᠢ ᠭᠡᠷᠡᠭ ᠲᠡᠭᠡᠷ᠎ᠡ ᠪᠠᠨ ᠬᠦᠳᠡᠭᠡ ᠳᠤᠰᠬᠤᠨ ᠤ ᠰᠢᠨ᠎ᠡ  ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠳᠤᠰᠢᠶᠠᠬᠤ ᠰᠦᠢᠳᠭᠡᠯ ᠢ ᠨᠢ ᠭᠡᠯᠳᠦᠷᠢᠬᠦᠯᠦᠨ᠎ᠡ ᠭᠡᠰᠡᠨ ᠦᠭᠡ ᠶᠤᠮ᠃  ᠭᠡᠬᠦ ᠳᠡᠭᠡᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠦᠢᠳᠭᠡᠯ ᠢ ᠭᠡᠯᠳᠦᠷᠢᠬᠦᠯᠬᠦ ᠬᠠᠷᠠᠭᠠᠯᠵᠠᠯ ᠬᠦ᠋ᠷᠲᠡᠬᠦ  ᠵᠢᠷᠭᠤᠭᠠᠨ ᠲᠦᠷᠦᠯ ᠤᠨ ᠬᠦᠳᠡᠭᠡ ᠳᠤᠰᠬᠤᠨ ᠤ ᠬᠦᠮᠦᠰ ᠪᠤᠯ ᠳᠠᠷᠤᠢ᠄      ᠬᠦᠳᠡᠭᠡ ᠳᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠤ ᠪᠠᠶᠢᠭ᠎ᠠ ᠡᠷᠦᠭᠡ︔      ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠲᠡᠯᠲᠡᠢ ᠡᠷᠦᠭᠡ︔      ᠬᠦᠳᠡᠭᠡ ᠳᠤᠰᠬᠤᠨ ᠤ ᠳᠠᠪᠤᠨ ᠪᠠᠳᠤᠯᠠᠭᠠᠳᠤ ᠡᠷᠦᠭᠡ︔      ᠬᠦᠳᠡᠭᠡ ᠳᠤᠰᠬᠤᠨ ᠤ ᠵᠡᠮᠳᠡᠭᠴᠤᠤᠯ︔      ᠬᠦᠳᠡᠭᠡ ᠳᠤᠰᠬᠤᠨ ᠤ ᠦᠨᠳᠦᠷ ᠨᠠᠰᠤᠳᠠᠨ︔      ᠬᠦᠳᠡᠭᠡ ᠳᠤᠰᠬᠤᠨ ᠤ ᠲᠦᠯᠦᠪᠯᠡᠭᠡᠳᠦ ᠦᠷᠡᠵᠢᠯ ᠤᠨ ᠤᠨᠴᠠᠭᠠᠢ ᠭᠡᠷ ᠪᠦᠯᠢ᠃  
 
ᠢᠷᠡᠯᠲᠡ᠄ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号