ᠮᠠᠨ ᠤ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ︽ᠲᠠᠪᠤᠨ ᠤᠳᠤ ᠰᠢᠯᠭᠠᠷᠠᠭᠤᠯᠬᠤ ᠬᠦᠳᠡᠯᠭᠡᠭᠡᠨ︾ ᠦᠷᠨᠢᠭᠦᠯᠪᠡ
ᠨᠡᠶᠢᠲᠡᠯᠡᠭᠰᠡᠨ ᠴᠠᠭ᠄
2019-01-09
     ᠬᠠᠶᠢᠷᠤᠪ ᠤᠨ ᠲᠤᠬᠤᠢ ᠲᠤᠭᠤᠷᠢᠭ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠠᠴᠠ ᠵᠠᠯᠠᠭᠤ ᠪᠠᠭᠠᠴᠦᠳ ᠤᠨ ᠪᠡᠶ᠎ᠡ ᠶᠢᠨ ᠲᠠᠮᠢᠷ ᠢ ᠴᠢᠩᠭᠠᠳᠬᠠᠵᠦ᠂ ᠵᠠᠯᠠᠭᠤ ᠪᠠᠭᠠᠴᠦᠳ ᠤᠨ ᠪᠡᠶ᠎ᠡ ᠮᠠᠬᠠᠪᠣᠳ ᠢ ᠴᠢᠬᠢᠷᠠᠭᠵᠢᠭᠤᠯᠬᠤ ᠲᠤᠬᠠᠢ ᠰᠠᠨᠠᠯ︾ ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠦᠮᠦᠵᠢᠯ ᠤᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠠᠨᠠᠯ︾᠎ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠦᠮᠦᠵᠢᠯ ᠵᠢᠴᠢ ᠡᠷᠡᠭᠦᠯ ᠬᠠᠮᠠᠭᠠᠯᠠᠯ ᠤᠨ ᠠᠵᠢᠯ ᠢ ᠭᠦᠨᠵᠡᠭᠡᠢ ᠦᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠴᠡ ᠳᠤ ᠠᠰᠢᠭᠲᠠᠢ ᠠᠵᠢᠯᠯᠠᠭ᠎ᠠ ᠳᠤ ᠢᠳᠡᠪᠬᠢᠲᠠᠢ ᠤᠷᠤᠯᠴᠠᠬᠤ ᠶᠢ ᠰᠠᠨᠠᠭᠠᠴᠢᠯᠠᠬᠤ ᠶᠢᠨ ᠲᠦᠯᠦᠭᠡ᠂ 2018 ᠤᠨ ᠳᠤ ᠪᠦᠬᠦ ᠲᠤᠭᠤᠷᠢᠭ ᠤᠨ ᠬᠡᠪᠴᠢᠶᠡᠨ ᠳᠤ ᠬᠠᠶᠢᠷᠤᠪ ᠤᠨ ᠲᠤᠬᠤᠢ ᠲᠤᠭᠤᠷᠢᠭ ᠤᠨ ᠰᠤᠷᠭᠠᠭᠤᠯᠢ ᠶᠢᠨ ᠬᠦᠷᠢᠶᠡᠨ ᠤ ᠢᠷᠡᠭᠡᠳᠤᠢ ᠶᠢᠨ ᠪᠡᠶ᠎ᠡ ᠶᠢᠨ ᠲᠠᠮᠢᠷ ᠤᠨ ᠤᠳᠤᠨ᠂ ᠬᠦᠯ ᠪᠦᠮᠪᠦᠭᠡ ᠶᠢᠨ ᠵᠡᠭᠦᠳᠤ ᠲᠡᠷᠭᠡᠯᠰᠢᠭᠦᠯᠬᠦ ᠤᠳᠤᠨ᠂ ᠤᠷᠠᠨ ᠪᠢᠴᠢᠯᠭᠡ ᠶᠢᠨ ᠬᠦᠰᠡᠯ ᠡᠷᠡᠮᠡᠯᠵᠢᠯ ᠤᠨ ᠤᠳᠤᠨ᠂ ᠢᠷᠡᠭᠡᠳᠤᠢ ᠶᠢᠨ ᠤᠷᠠᠯᠢᠭ ᠤᠨ ᠤᠳᠤᠨ᠂ ᠤᠷᠴᠢᠨ ᠠᠬᠤᠢ ᠶᠢ ᠬᠠᠮᠠᠭᠠᠯᠠᠬᠤ ᠪᠤᠬᠢᠷᠳᠡᠯ ᠦᠭᠡᠢ ᠤᠳᠤᠨ ᠵᠡᠷᠭᠡ ᠬᠦᠳᠡᠯᠭᠡᠭᠡᠨ ᠢ ᠦᠷᠨᠢᠭᠦᠯᠪᠡ᠃
    ᠬᠠᠶᠢᠷᠤᠪ ᠤᠨ ᠲᠤᠬᠤᠢ ᠲᠤᠭᠤᠷᠢᠭ ᠤᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ 12 ᠨᠡᠷ᠎ᠡ ᠰᠤᠷᠤᠭᠴᠢ ᠬᠠᠶᠢᠷᠤᠪ ᠤᠨ ᠲᠤᠬᠤᠢ ᠲᠤᠭᠤᠷᠢᠭ ᠤᠨ ᠲᠠᠪᠤᠨ ᠤᠳᠤᠨ ᠪᠠᠭᠠᠴᠦᠳ ᠢᠶᠠᠷ ᠦᠨᠡᠯᠡᠭᠳᠡᠵᠦ᠂ ᠰᠤᠷᠭᠠᠭᠤᠯᠢ ᠶᠢᠨ ᠤᠳᠤᠷᠢᠳᠤᠯᠭ᠎ᠠ ᠠᠴᠠ ᠲᠤᠰ 12 ᠨᠡᠷ᠎ᠡ ᠰᠤᠷᠤᠭᠴᠢ ᠳᠤ ᠱᠠᠩᠨᠠᠯ ᠬᠦᠷᠲᠡᠭᠡᠵᠦ᠂ ᠲᠡᠳᠡᠨ ᠢ ᠬᠦᠰᠡᠬᠦ ᠨᠢ᠂ ᠳᠠᠭᠠᠭᠤᠯᠬᠤ ᠦᠢᠯᠡᠳᠤᠯ ᠢ ᠭᠦᠢᠴᠡᠳ ᠪᠠᠳᠠᠷᠠᠭᠤᠯᠵᠦ᠂ ᠬᠠᠮᠳᠤ ᠰᠤᠷᠤᠭᠴᠢᠳ ᠢᠶᠠᠨ ᠢᠳᠡᠪᠬᠢᠲᠠᠢ ᠬᠠᠪᠰᠤᠷᠴᠦ᠂ ᠮᠤᠷᠠᠯ ᠲᠠᠮᠢᠷ ᠤᠶᠤᠨ ᠭᠤᠸ᠎ᠠ ᠬᠦᠳᠡᠯᠮᠤᠷᠢ ᠪᠦᠬᠦ ᠲᠠᠯ᠎ᠠ ᠢᠶᠠᠷ ᠬᠦᠭᠵᠢᠭᠰᠡᠨ ᠰᠢᠯᠢᠳᠡᠭ ᠵᠠᠯᠠᠭᠤ ᠪᠠᠭᠠᠴᠤᠳ ᠪᠤᠯᠬᠤ ᠎ ᠪᠠᠷ ᠴᠢᠷᠮᠠᠶᠢᠬᠤ ᠬᠡᠷᠡᠭᠲᠠᠢ ᠭᠡᠵᠠᠢ᠃
     ᠦᠬᠠᠢ ᠬᠤᠲᠡ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ 14 ᠨᠡᠷ᠎ᠡ ᠰᠤᠷᠤᠭᠴᠢ ᠲᠤᠰ ᠤᠳᠠᠭᠠᠨ ᠎ ᠤ ︽ᠲᠠᠪᠤᠨ ᠤᠳᠤ︾ ᠴᠤᠯᠠ ᠶᠢ ᠬᠦᠷᠳᠡᠵᠠᠢ᠃
    ᠬᠠᠶᠢᠷᠤᠪ ᠤᠨ ᠲᠤᠬᠤᠢ ᠲᠤᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ 14 ᠨᠡᠷ᠎ᠡ ᠰᠤᠷᠤᠭᠴᠢ ᠬᠠᠶᠢᠷᠤᠪ ᠤᠨ ᠲᠤᠬᠤᠢ ᠲᠤᠭᠤᠷᠢᠭ ᠤᠨ ᠲᠠᠪᠤᠨ ᠤᠳᠤᠨ ᠪᠠᠭᠠᠴᠦᠳ ᠢᠶᠠᠷ ᠰᠢᠯᠭᠠᠷᠠᠭᠤᠯᠵᠠᠢ᠃     ᠲᠤᠰ ᠤᠳᠠᠭᠠᠨ ᠤ ᠦᠬᠠᠢ ᠬᠤᠲᠡ ᠶᠢᠨ ᠬᠠᠶᠢᠷᠤᠪ ᠤᠨ ᠲᠤᠬᠤᠢ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠲᠠᠪᠤᠨ ᠤᠳᠤ︾ ᠰᠢᠯᠭᠠᠷᠠᠭᠤᠯᠬᠤ ᠬᠦᠳᠡᠯᠭᠡᠭᠡᠨ ᠨᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠲᠠᠮᠢᠷ᠂ ᠤᠷᠠᠯᠢᠭ᠂ ᠤᠷᠴᠢᠨ ᠠᠬᠤᠢ ᠶᠢᠨ ᠬᠠᠮᠠᠭᠠᠯᠠᠯᠲᠠ ᠵᠡᠷᠭᠡ ᠡᠯᠪᠡᠭ ᠪᠠᠶᠠᠯᠢᠭ ᠰᠤᠷᠭᠠᠭᠤᠯᠢ ᠶᠢᠨ ᠠᠮᠢᠳᠤᠷᠠᠯ ᠤᠨ ᠬᠦᠳᠡᠯᠭᠡᠭᠡᠨ ᠳᠤ ᠤᠷᠤᠯᠴᠠᠬᠤ ᠤᠷᠮ᠎ᠠ ᠶᠢ ᠤᠯᠠᠮ ᠨᠢᠭᠡ ᠠᠯᠬᠤᠮ ᠬᠦᠭᠵᠢᠭᠡᠵᠦ᠂ ᠨᠢᠭᠡ ᠪᠦᠯᠦᠭ ᠲᠠᠮᠢᠷ᠂ ᠤᠷᠠᠯᠢᠭ᠂ ᠤᠷᠠᠨ ᠪᠢᠴᠢᠯᠭᠡ᠂ ᠤᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠨᠡᠯᠢᠶᠡᠳ ᠳᠤᠪᠤᠶᠢᠮ᠎ᠠ ᠪᠦᠭᠡᠳ ᠵᠢᠱᠢᠶᠡᠴᠢ ᠳᠠᠭᠠᠭᠤᠯᠬᠤ ᠦᠢᠯᠡᠳᠤᠯ ᠦᠵᠡᠭᠦᠯᠵᠦ ᠴᠢᠳᠠᠬᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠴᠤᠯᠭᠤᠷᠠᠨ ᠭᠠᠷᠴᠦ ᠢᠷᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号