ᠬᠠᠶᠢᠷᠤᠪ ᠤᠨ ᠲᠣᠬᠤᠢ ᠲᠣᠭᠤᠷᠢᠭ ᠲᠤ ︽ᠳᠤᠮᠳᠠᠳᠤ ᠶᠢᠨ ᠰᠦᠭ ᠰᠦᠨᠡᠰᠦ︾᠎ ᠶᠢᠨ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2019-10-11
     ᠤᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠠᠷᠠᠭᠠᠴᠢ ᠶᠢᠨ ᠨᠢᠭᠡ ᠦᠶ᠎ᠡ ᠶᠢ ᠬᠠᠷᠠᠭᠠᠯᠵᠠᠬᠤ ᠠᠵᠢᠯ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨ ᠬᠠᠶᠢᠷᠤᠪ ᠤᠨ ᠲᠣᠬᠤᠢ ᠲᠣᠭᠤᠷᠢᠭ ᠤᠨ ︽ᠰᠣᠩᠭᠤᠳᠠᠭ ᠵᠣᠬᠢᠶᠠᠯ ᠢ ᠤᠩᠰᠢᠵᠤ᠂ ᠳᠤᠮᠳᠠᠳᠤ ᠤᠯᠤᠰ ᠢᠶᠠᠨ ᠬᠠᠶᠢᠷᠠᠯᠠᠨ᠎ᠠ︾ ᠭᠡᠬᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ︽ᠳᠤᠮᠳᠠᠳᠤ ᠶᠢᠨ ᠰᠦᠭ ᠰᠦᠨᠡᠰᠦ︾᠎ ᠶᠢᠨ ᠨᠣᠮ ᠤᠩᠰᠢᠬᠤ ᠶᠠᠷᠢᠶ᠎ᠠ ᠢᠯᠡᠳᠬᠡᠯ ᠤᠨ ᠤᠷᠤᠯᠳᠤᠭᠠᠨ ᠢ ᠬᠠᠮᠲᠤᠷᠠᠨ ᠡᠷᠬᠢᠯᠡᠪᠡ᠃      ᠠᠵᠢᠯᠯᠠᠭ᠎ᠠ ᠨᠢ ᠬᠠᠶᠢᠷᠤᠪ ᠤᠨ ᠲᠣᠬᠤᠢ ᠲᠣᠭᠤᠷᠢᠭ ᠤᠨ ᠶᠢᠰᠦᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ 18 ᠲᠥᠯᠥᠭᠡᠯᠡᠭᠴᠢᠳ ᠤᠨ ᠠᠩᠭᠢ ᠣᠷᠭᠢᠯᠤᠮ᠎ᠠ ᠬᠠᠯᠠᠭᠤᠨ ᠰᠡᠳᠬᠢᠯᠭᠡ᠂ ᠤᠮᠤᠭ ᠲᠡᠭᠦᠯᠳᠡᠷ ᠦᠰᠦᠭ ᠪᠢᠴᠢᠭ ᠢᠶᠠᠷ ︽ᠳᠤᠮᠳᠠᠳᠤ ᠤᠯᠤᠰ ᠢᠶᠠᠨ ᠬᠠᠶᠢᠷᠠᠯᠠᠬᠤ︾᠎ ᠶᠢ ᠴᠤᠤᠷᠢᠶᠠᠲᠤᠭᠤᠯᠵᠤ᠂ ᠡᠬᠡ ᠤᠯᠤᠰ ᠢᠶᠠᠨ ᠬᠠᠶᠢᠷᠠᠯᠠᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ᠰᠤᠷᠤᠭᠴᠢᠳ ᠤᠨ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠵᠠᠯᠭᠠᠮᠵᠢᠯᠠᠭᠴᠢ ᠪᠣᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠴᠢᠩ ᠦᠨᠡᠨᠴᠢ ᠰᠡᠳᠬᠢᠯᠭᠡ ᠶᠢ ᠪᠠᠲᠤᠳᠬᠠᠪᠠ᠃      ᠬᠤᠷᠴᠠ ᠰᠢᠷᠦᠭᠦᠨ ᠮᠥᠷᠦ᠋ᠢᠴᠡᠭᠡᠨ ᠢᠶᠠᠷ ᠳᠠᠮᠵᠢᠭᠠᠳ᠂ ᠡᠴᠦᠰ ᠲᠤ ᠨᠢᠭᠡᠳᠦᠭᠡᠷ ᠲᠡᠰ ᠤᠨ ᠱᠠᠩᠨᠠᠯ 2᠂ ᠬᠤᠶᠠᠳᠤᠭᠠᠷ ᠲᠡᠰ ᠤᠨ ᠱᠠᠩᠨᠠᠯ 4᠂ ᠭᠤᠷᠪᠠᠳᠤᠭᠠᠷ ᠲᠡᠰ ᠤᠨ ᠱᠠᠩᠨᠠᠯ 6᠂ ᠰᠢᠯᠢᠳᠡᠭ ᠱᠠᠩᠨᠠᠯ 6᠎ ᠶᠢ ᠰᠢᠯᠭᠠᠷᠠᠭᠤᠯᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号