ᠬᠤᠲᠠ ᠲᠣᠭᠤᠷᠢᠭ ᠬᠤᠶᠠᠷ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠯᠠᠯᠤ ᠶᠢᠨ ᠢᠳᠡᠭᠡᠨ ᠤ ᠲᠤᠰᠬᠠᠶ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠢ ᠬᠠᠮᠲᠤᠷᠠᠨ ᠥᠷᠨᠢᠭᠦᠯᠪᠡ
ᠨᠡᠶᠢᠲᠡᠯᠡᠭᠰᠡᠨ ᠴᠠᠭ᠄
2019-10-11
     2019 ᠤᠨ ᠤ 10 ᠰᠠᠷ᠎ᠠ ᠶᠢᠨ 9᠎ ᠤ ᠡᠳᠦᠷ᠂ ᠬᠤᠲᠠ ᠲᠣᠭᠤᠷᠢᠭ ᠬᠤᠶᠠᠷ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠯᠠᠯᠤ ᠶᠢᠨ ᠢᠳᠡᠭᠡᠨ ᠢ ᠲᠤᠰᠬᠠᠶ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ︽ᠡᠷᠭᠢᠨ ᠬᠠᠷᠠᠬᠤ︾ ᠠᠵᠢᠯ ᠢ ᠬᠠᠮᠲᠤᠷᠠᠨ ᠥᠷᠨᠢᠭᠦᠯᠵᠦ᠂ ᠦᠬᠠᠶ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠴᠡᠩᠭᠡᠯ᠂ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠵᠢᠶᠠᠩ ᠳ᠋ᠠ ᠶᠦᠩ᠂ ᠳᠡᠳ᠋ ᠡᠷᠬᠢᠯᠡᠭᠴᠢ ᠶᠠᠩ ᠵᠢᠶᠧ ᠨᠠᠷ ᠰᠢᠨ ᠲᠢᠶᠠᠨ ᠳ᠋ᠢ ᠵᠠᠬ᠎ᠠ ᠳᠡᠯᠭᠡᠭᠦᠷ ᠤᠨ ᠯᠠᠯᠤ ᠶᠢᠨ ᠢᠳᠡᠭᠡᠨ ᠤ ᠭᠤᠤᠯ ᠪᠣᠷᠣᠯᠠᠭᠤᠯᠭ᠎ᠠ ᠶᠢᠨ ᠳᠡᠯᠭᠡᠭᠦᠷ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠯᠠᠯᠤ ᠶᠢᠨ ᠬᠡᠰᠡᠭ ᠵᠣᠴᠢᠳ ᠤᠨ ᠪᠠᠭᠤᠳᠠᠯ ᠢ ᠰᠤᠭᠤᠴᠢᠨ ᠪᠠᠶᠢᠴᠠᠭᠠᠪᠠ᠃
     ᠪᠠᠶᠢᠴᠠᠭᠠᠬᠤ ᠲᠤᠭᠤᠶᠢᠯᠠᠩ ᠤᠨ ᠬᠢᠨ ᠮᠠᠨ ᠤ ᠲᠤᠭᠤᠷᠢᠭ ᠳᠤ ᠣᠷᠣᠰᠢᠵᠤ ᠪᠠᠶᠢᠭ᠎ᠠ ︽ᠡᠯᠡᠰᠦᠷᠬᠡᠭᠵᠢᠭᠰᠡᠨ︾ ᠂ ︽ᠠ ᠬᠤᠸᠠ︾᠂ ︽ᠯᠠᠯᠤ ᠶᠢᠨ ᠲᠦᠭᠡᠮᠡᠯᠵᠢᠭᠰᠡᠨ︾ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠤᠲᠠᠯᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠃ ᠲᠣᠰ ᠤᠳᠠᠭᠠᠨ ᠤ ᠡᠷᠭᠢᠵᠦ ᠦᠵᠡᠬᠦ ᠪᠠᠷ ᠳᠠᠮᠵᠢᠨ᠂ ᠪᠥᠬᠦ ᠲᠤᠭᠤᠷᠢᠭ ᠤᠨ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠯᠠᠯᠤ ᠶᠢᠨ ᠤᠬᠠᠭᠳᠠᠬᠤᠨ ᠢ ᠢᠳᠡᠭᠡᠨ ᠠᠴᠠ ᠭᠠᠳᠠᠨᠠᠬᠢ ᠬᠦᠷᠢᠶ᠎ᠡ ᠴᠠᠷᠠᠭ᠎ᠠ ᠳᠤ ᠬᠦᠷᠲᠡᠯ᠎ᠡ ᠰᠡᠷᠭᠡᠶᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠦᠨᠳᠦᠰᠦᠲᠡᠨ ᠨᠦᠭᠦᠳ ᠤᠨ ᠬᠠᠷᠢᠯᠴᠠᠨ ᠬᠦᠨᠳᠦᠳᠬᠡᠬᠦ᠂ ᠬᠠᠷᠢᠯᠴᠠᠨ ᠪᠦᠯᠬᠦᠮᠳᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号