ᠤᠭ ᠰᠠᠨᠠᠭ᠎ᠠ ᠪᠠᠨ ᠤᠶᠢᠯᠡᠳᠤᠯᠭᠡᠵᠢᠭᠦᠯᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠬᠠᠶᠢᠷᠤᠪ ᠤᠨ ᠲᠣᠬᠤᠢ ᠲᠣᠭᠤᠷᠢᠭ ᠣᠯᠠᠨ ᠲᠦᠮᠡᠨ ᠤ ᠠᠩᠬᠠᠷᠴᠤ ᠪᠠᠶᠢᠭ᠎ᠠ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2019-10-11
     ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ 9 ᠰᠠᠷ᠎ᠠ ᠶᠢᠨ 17᠎ ᠤ ᠡᠳᠦᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠢᠴᠢ ᠪᠠᠯᠭᠠᠰᠤ ᠵᠡᠭᠡᠯᠢ ᠭᠤᠳᠤᠮᠵᠢ ᠵᠡᠷᠭᠡ ᠬᠥᠮᠦᠰ ᠬᠤᠶᠢᠨ᠎ᠠ ᠬᠤᠶᠢᠨ᠎ᠠ ᠠᠴᠠ ᠪᠠᠨ ᠬᠥᠳᠡᠯᠦᠯᠴᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠲᠤᠭᠤᠷᠢᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠭᠤᠤᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠪᠠᠰᠠ ᠨᠢᠭᠡ ᠡᠭᠡᠯᠵᠢ ᠶᠢᠨ ᠰᠤᠷᠤᠯᠴᠠᠯᠭ᠎ᠠ ᠶᠢ ᠥᠷᠨᠢᠭᠦᠯᠪᠡ᠃      ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠡᠯ᠎ᠡ ᠵᠤᠶᠢᠯ ᠤᠨ ᠠᠵᠢᠯ ᠶᠢᠨ ᠡᠭᠦᠷᠭᠡ ᠶᠢ ᠡᠷᠴᠢᠮ ᠲᠠᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠠᠯᠢ ᠡᠷᠲᠡ 9 ᠰᠠᠷ᠎ᠠ ᠶᠢᠨ ᠡᠬᠢ ᠪᠠᠷ ᠬᠠᠶᠢᠷᠤᠪ ᠤᠨ ᠲᠣᠬᠤᠢ ᠲᠤᠭᠤᠷᠢᠭ ‍ᠤ᠊ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠠᠩᠬᠠᠳᠤᠭᠠᠷ ᠤᠳᠠᠭ᠎ᠠ ᠶᠢᠨ ᠬᠤᠷᠠᠯ ᠵᠢᠴᠢ ᠳᠠᠶᠢᠴᠢᠯᠠᠨ ᠪᠣᠯᠪᠠᠰᠤᠷᠠᠭᠤᠯᠬᠤ ᠬᠤᠷᠠᠯ ᠵᠢᠴᠢ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ154 ᠤᠳᠠᠭᠠᠨ ᠤ ᠪᠠᠶᠢᠩᠭᠤ ᠶᠢᠨ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠬᠤ ᠶᠢᠨ ᠬᠠᠮᠲᠤ ︽ᠬᠠᠶᠢᠷᠤᠪ ᠤᠨ ᠲᠣᠬᠤᠢ ᠲᠤᠭᠤᠷᠢᠭ ‍ᠤᠨ‌ᠨᠠᠮ ‍ᠤᠨ‌ᠬᠤᠷᠢᠶ᠎ᠠ ᠶᠢᠨ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ︽ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠲᠣᠬᠢᠷᠠᠭᠤᠯᠤᠯᠲᠠ︾᠎ ᠶᠢ ᠰᠤᠳᠤᠯᠤᠨ ᠬᠢᠨᠠᠨ ᠵᠥᠪᠯᠡᠵᠦ ᠪᠠᠲᠤᠯᠠᠪᠠ᠃ ᠪᠥᠬᠦ ᠲᠤᠭᠤᠷᠢᠭ ᠎ ᠤᠨ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ 2019 ᠤᠨ ᠤ 9 ᠳ᠋ᠦᠭᠡᠷ ᠰᠠᠷ᠎ᠠ ᠶᠢᠨ 17᠎ ᠤ ᠡᠳᠦᠷ ᠠᠴᠠ ᠡᠬᠢᠯᠡᠭᠦᠯᠵᠦ᠂ ᠰᠢᠶᠠᠨ ᠤ ᠤᠳᠤᠷᠢᠳᠬᠤ ᠺᠠᠳ᠋ᠷ ᠢᠶᠠᠷ ᠭᠤᠤᠯᠳᠠᠯᠭ᠎ᠠ ᠪᠣᠯᠭᠠᠨ᠂ ᠪᠥᠬᠦ ᠨᠠᠮ ᠤᠨ ᠭᠡᠰᠢᠭᠦᠳ ᠤᠨ ᠳᠤᠮᠳᠠ ᠥᠷᠨᠢᠭᠦᠯᠵᠦ᠂ 11 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ᠎ᠠ ᠦᠨᠳᠦᠰᠦᠨ ᠳᠡᠭᠡᠨ ᠳᠠᠭᠤᠰᠬᠠᠨ᠎ᠠ᠃          ᠭᠦᠨᠵᠡᠭᠡᠶ ᠰᠦᠪᠡᠭᠴᠢᠯᠡᠬᠦ  ᠰᠤᠷᠤᠯᠴᠠᠯᠭ᠎ᠠ ᠪᠠᠷ ᠳᠠᠶᠢᠴᠢᠯᠠᠬᠤ       ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠭᠤᠤᠯ ᠰᠢᠵᠢᠮ ᠪᠣᠯᠭᠠᠵᠤ᠂ ᠲᠤᠬᠠᠶ ᠶᠢᠨ ᠲᠠᠯᠠᠪᠠᠢ ᠶᠢᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠪᠠ᠃ ︽ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠲᠥᠷᠥᠯ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ ᠨᠢᠭᠡ ᠤᠳᠠᠭ᠎ᠠ ᠶᠢᠨ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠢ ᠥᠷᠨᠢᠭᠦᠯᠬᠦ︾᠂ ︽ᠡᠯ᠎ᠡ ᠬᠦᠷᠢᠶᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠨᠢᠭᠡ ᠤᠳᠠᠭ᠎ᠠ ᠶᠢᠨ ᠲᠡᠷᠢᠭᠦᠨ ᠤ ᠨᠡᠶᠢᠲᠡᠯᠢᠭ ᠬᠥᠮᠦᠵᠢᠯ ᠢ ᠥᠷᠨᠢᠭᠦᠯᠬᠦ︾᠂ ︽ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ︿ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠤᠮᠠᠷᠠᠲᠤ ᠶᠢᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠪᠣᠳᠠᠲᠤ ᠪᠠᠢᠳᠠᠯ ᠤᠨ ᠳᠦᠷᠰᠦ ᠰᠢᠩᠭᠡᠭᠡᠯᠲᠡ ᠶᠢ ᠦᠵᠡᠬᠦ ᠬᠡᠷᠡᠭᠲᠡᠶ︾᠂ ︽ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠢᠭᠡ ᠤᠳᠠᠭ᠎ᠠ ᠶᠢᠨ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠤᠨ ᠶᠡᠭᠡ ᠬᠤᠷᠠᠯ ᠢ ᠥᠷᠨᠢᠭᠦᠯᠬᠦ ᠬᠡᠷᠡᠭᠲᠡᠶ︾᠂ ︽ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠡᠷᠡᠮᠵᠢ ᠶᠢᠨ ᠬᠥᠮᠦᠵᠢᠯ ᠤᠨ ᠺᠢᠨᠣ᠋ ︽ᠤᠭ ᠰᠠᠨᠠᠭᠠᠨ ᠤ ᠲᠤᠷᠤᠶᠢᠲᠠᠯ︾᠂ ︽ᠲᠠᠪᠤᠨ ᠨᠢᠭᠡ︾᠎ ᠶᠢᠨ ᠠᠵᠢᠯᠯᠠᠭ᠎ᠠ ᠶᠢ ᠲᠥᠪᠯᠡᠷᠡᠭᠦᠯᠦᠨ ᠦᠵᠡᠵᠦ᠂ ᠰᠤᠷᠤᠯᠴᠠᠯᠭ᠎ᠠ ᠶᠢᠨ ᠴᠢᠭᠯᠡᠭᠦᠯᠦᠯᠲᠡ ᠴᠢᠨᠠᠷ᠂ ᠪᠣᠳᠠᠲᠤ ᠴᠢᠨᠠᠷ᠂ ᠪᠣᠳᠠᠲᠤ ᠬᠦᠴᠦᠨ ᠪᠣᠯᠤᠨ ᠨᠥᠯᠥᠭᠡᠯᠡᠬᠦ ᠬᠦᠴᠦᠨ ᠢ ᠦᠨᠡᠨᠬᠦ ᠴᠢᠩᠭᠠᠳᠬᠠᠨ᠎ᠠ᠃    ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ︽ᠬᠤᠪᠢᠰᠬᠠᠯᠲᠤ ᠵᠣᠷᠢᠭ ᠰᠠᠨᠠᠭ᠎ᠠ ᠮᠢᠨᠦ ᠰᠡᠳᠬᠢᠯ ᠢ ᠭᠡᠶᠢᠭᠦᠯᠬᠦ︾ ᠲᠤᠬᠠᠶ ᠶᠢᠨ ᠲᠠᠯᠠᠪᠠᠢ ᠶᠢᠨ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ︿ᠬᠤᠪᠢᠰᠬᠠᠯᠲᠤ ᠵᠣᠷᠢᠭ ᠰᠠᠨᠠᠭ᠎ᠠ ᠮᠢᠨᠦ ᠰᠡᠳᠬᠢᠯ ᠢ ᠭᠡᠶᠢᠭᠦᠯᠬᠦ﹀ ᠲᠤᠬᠠᠶ ᠶᠢᠨ ᠲᠠᠯᠠᠪᠠᠢ ᠶᠢᠨ ᠬᠥᠮᠦᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠪᠦᠬᠦ ᠲᠤᠭᠤᠷᠢᠭ ᠎ ᠤᠨ 7 ᠬᠤᠪᠢᠰᠬᠠᠯᠲᠤ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠲᠤ ᠭᠦᠢᠴᠠᠤᠡ ᠲᠦᠰᠢᠭᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠪᠦᠬᠦᠨ ᠨᠠᠭᠠᠳᠤ ᠵᠠᠬ᠎ᠠ ᠳᠠᠭᠠᠨ 1 ᠬᠤᠪᠢᠰᠬᠠᠯᠲᠤ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠲᠤ ᠬᠦᠷᠴᠦ ᠲᠤᠬᠠᠶ ᠶᠢᠨ ᠲᠠᠯᠠᠪᠠᠢ ᠳᠤ ᠰᠤᠷᠤᠯᠴᠠᠵᠤ᠂ ᠲᠤᠬᠠᠶ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠣᠳᠣ ᠪᠣᠯᠲᠠᠯ᠎ᠠ᠂ ᠪᠦᠬᠦ ᠲᠤᠭᠤᠷᠢᠭ ᠤᠨ ᠨᠡᠶᠢᠲᠡ 193ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠦᠵᠡᠪᠡ᠃ 9 ᠳ᠋ᠦᠭᠡᠷ ᠰᠠᠷ᠎ᠠ ᠶᠢᠨ 24᠎ ᠤ ᠡᠳᠦᠷ᠂ ᠪᠥᠬᠦ ᠲᠤᠭᠤᠷᠢᠭ ᠤᠨ ᠰᠢᠶᠠᠨ ᠤ ᠱᠠᠲᠤᠨ ᠤ ᠤᠳᠤᠷᠢᠳᠤᠯᠭ᠎ᠠ ᠪᠠᠰᠠ ᠵᠠᠩ ᠶᠣᠣ ᠭᠦᠸᠧ ᠦᠵᠡᠭᠦᠯᠦᠯᠭᠡ ᠶᠢᠨ ᠲᠢᠩᠬᠢᠮ᠂ ᠴᠡᠭᠡᠯ ᠠᠭᠤᠯᠠ ᠪᠠᠯᠭᠠᠰᠤᠨ ᠤ ᠨᠠᠮ ᠤᠨ ᠭᠡᠰᠢᠭᠦᠨ ᠤ ᠠᠵᠢᠯᠯᠠᠭᠠᠨ ᠤ ᠵᠢᠭᠰᠠᠭᠠᠯ ᠤᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠲᠠᠯᠠᠪᠠᠢ ᠳᠤ ᠵᠢᠭᠠᠨ ᠰᠤᠷᠭᠠᠯᠲᠠ ᠬᠢᠭᠰᠡᠨ ᠪᠥᠭᠡᠳ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠲᠣᠰ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠢᠶᠠᠨ ᠤ ᠱᠠᠲᠤᠨ ᠤ ᠤᠳᠤᠷᠢᠳᠬᠤ ᠺᠠᠳ᠋ᠷ ᠴᠠᠭᠠᠨ ᠴᠠᠮᠴᠠ ᠡᠮᠦᠰᠴᠦ᠂ ᠨᠠᠮ ᠤᠨ ᠰᠦᠯᠳᠡ ᠵᠡᠭᠦᠵᠦ᠂ ᠵᠠᠩ ᠶᠣᠣ ᠭᠦᠸᠧ ᠶᠢᠨ ᠦᠢᠯᠡ ᠠᠵᠢᠯᠯᠠᠭ᠎ᠠ ᠶᠢᠨ ᠦᠵᠡᠭᠦᠯᠭᠡ ᠶᠢᠨ ᠲᠢᠩᠬᠢᠮ ᠪᠣᠯᠤᠨ ᠴᠡᠭᠡᠯ ᠠᠭᠤᠯᠠ ᠪᠠᠯᠭᠠᠰᠤᠨ ᠤ ᠨᠠᠮ ᠤᠨ ᠭᠡᠰᠢᠭᠦᠨ ᠤ ᠠᠵᠢᠯᠯᠠᠭ᠎ᠠ ᠵᠢᠨ‌‍ᠲ᠋ᠥ᠋ᠪ ᠲᠤ ᠬᠦᠷᠴᠦ ︽ᠤᠭ ᠰᠠᠨᠠᠭ᠎ᠠ ᠪᠠᠨ‌ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢᠨ ᠠᠵᠢᠯᠯᠠᠭ᠎ᠠ ᠳᠤ ᠣᠷᠣᠯᠴᠠᠪᠠ᠃      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠬᠤᠶᠠᠷ ᠱᠠᠲᠤᠨ ᠤ ᠨᠣᠮ ᠤᠩᠰᠢᠬᠤ ᠠᠩᠭᠢ ᠶᠢᠨ ᠠᠵᠢᠯᠯᠠᠭ᠎ᠠ ᠶᠢ ᠦᠨᠡᠨ ᠬᠦ ᠰᠠᠶᠢᠲᠤᠷ ᠡᠷᠬᠢᠯᠡᠵᠦ᠂ ᠨᠣᠮ ᠤᠩᠰᠢᠬᠤ ᠠᠩᠭᠢ ᠶᠢ ᠰᠢᠶᠠᠨ ᠤ ᠤᠳᠤᠷᠢᠳᠤᠯᠭ᠎ᠠ ᠶᠢᠨ ᠨᠣᠮ ᠤᠩᠰᠢᠬᠤ ᠠᠩᠭᠢ ᠪᠠ ᠰᠠᠯᠠᠭᠠᠨ ᠤ ᠲᠡᠰ ᠤᠨ ᠺᠠᠳ᠋ᠷ ᠤᠨ ᠨᠣᠮ ᠤᠩᠰᠢᠬᠤ ᠠᠩᠭᠢ ᠭᠡᠵᠦ ᠬᠤᠪᠢᠶᠠᠨ᠎ᠠ᠃ 29 ᠰᠢᠶᠠᠨ ᠤ ᠱᠠᠲᠤᠨ ᠤ ᠤᠳᠤᠷᠢᠳᠤᠯᠭ᠎ᠠ9 ᠰᠠᠷ᠎ᠠ ᠶᠢᠨ 23᠎ ᠤ ᠡᠳᠦᠷ ᠠᠴᠠ 29᠎ ᠤ ᠡᠳᠦᠷ ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠨᠣᠮ ᠤᠩᠰᠢᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ᠂ ᠰᠤᠷᠤᠯᠭ᠎ᠠ ᠲᠡᠭᠦᠰᠬᠦ ᠶᠣᠰᠣᠯᠠᠯ ᠪᠠ ᠲᠥᠪᠯᠡᠷᠡᠭᠦᠯᠦᠨ ᠬᠢᠴᠢᠶᠡᠯ ᠣᠷᠣᠬᠤ ᠶᠣᠰᠣᠯᠠᠯ ᠳᠤ ᠣᠷᠣᠯᠴᠠᠵᠤ᠂ ᠬᠠᠶᠢᠷᠤᠪ ᠤᠨ ᠲᠣᠬᠤᠢ ᠲᠣᠭᠤᠷᠢᠭ ‍ᠤᠨ‌ᠥᠪᠡᠷᠲᠡᠭᠡᠨ ᠬᠤᠪᠢ ᠬᠥᠮᠦᠨ ᠪᠠᠷ ᠢᠶᠠᠨ ᠰᠤᠷᠤᠯᠴᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠰᠣᠯᠢᠯᠴᠠᠭ᠎ᠠ ᠬᠢᠬᠦ ᠠᠵᠢᠯ ᠢ ᠵᠣᠬᠢᠶᠠᠨ ᠪᠠᠶᠢᠭᠤᠯᠪᠠ᠃ 9 ᠰᠠᠷ᠎ᠠ ᠶᠢᠨ 26᠎ ᠤ ᠡᠳᠦᠷ ᠠᠴᠠ 28᠎ ᠤ ᠡᠳᠦᠷ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠲᠣᠰ ᠲᠣᠰ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠤᠳᠠᠭ᠎ᠠ᠂ ᠬᠤᠶᠠᠳᠤᠭᠠᠷ ᠤᠳᠠᠭ᠎ᠠ ᠵᠢᠨ‌‍ᠰᠢᠶᠠᠨ ᠤ ᠲᠡᠰ ᠤᠨ ᠺᠠᠳ᠋ᠷ ᠤᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠬᠦ︾ ︽ᠤᠭ ᠰᠠᠨᠠᠭ᠎ᠠ ᠪᠠᠨ ᠦᠯᠦ ᠮᠠᠷᠲᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠪᠠ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠬᠤ ᠬᠡᠷᠡᠭᠲᠡᠶ︾᠂ ︽ᠤᠯᠤᠰ ᠲᠥᠷᠦ ᠶᠢᠨ ᠰᠠᠬᠢᠯᠭ᠎ᠠ ᠪᠠᠲᠤ᠂ ᠤᠯᠤᠰ ᠲᠥᠷᠦ ᠶᠢᠨ ᠶᠣᠰᠣ ᠳᠦᠷᠢᠮ᠂ ᠪᠠᠲᠤ ᠴᠢᠩᠭ᠎ᠠ︾᠂ ︽ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾᠂ ︽ᠨᠠᠮ ᠤᠨ ᠳᠦᠷᠢᠮ ᠢ ᠰᠤᠷᠤᠯᠴᠠᠬᠤ᠂ ᠨᠠᠮ ᠤᠨ ᠳᠦᠷᠢᠮ  ᠢ  ᠰᠠᠬᠢᠬᠤ ᠵᠢᠱᠢᠶᠡᠴᠢ ᠪᠣᠯᠬᠤ ᠬᠡᠷᠡᠭᠲᠡᠶ︾᠂ ︽ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ ᠤᠶᠢᠯᠡᠳᠤᠯᠭᠡᠵᠢᠭᠦᠯᠤᠨ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ︾ ᠵᠡᠷᠭᠡ 6 ᠲᠤᠰᠬᠠᠶ ᠰᠡᠳᠦᠪ ᠢᠶᠠᠷ ᠲᠣᠰ ᠲᠣᠰ ᠶᠠᠷᠢᠶ᠎ᠠ ᠲᠠᠯᠪᠢᠪᠠ᠃      ᠡᠭᠦᠨ ᠤ ᠳᠤ ᠬᠠᠮᠲᠤ᠂ ᠪᠦᠬᠦ ᠲᠤᠭᠤᠷᠢᠭ ᠤᠨ 336 ᠰᠠᠯᠠᠭᠠᠨ ᠲᠡᠰ ᠤᠨ ᠺᠠᠳ᠋ᠷ 9 ᠳ᠋ᠦᠭᠡᠷ ᠰᠠᠷ᠎ᠠ ᠶᠢᠨ 23᠎ ᠤ ᠡᠳᠦᠷ ᠠᠴᠠ 25᠎ ᠤ ᠡᠳᠦᠷ ᠪᠣᠯᠲᠠᠯ᠎ᠠ᠂ 9 ᠳ᠋ᠦᠭᠡᠷ ᠰᠠᠷ᠎ᠠ ᠶᠢᠨ 26᠎ ᠤ ᠡᠳᠦᠷ ᠠᠴᠠ 28᠎ ᠤ ᠡᠳᠦᠷ ᠪᠣᠯᠲᠠᠯ᠎ᠠ ᠬᠤᠶᠠᠷ ᠬᠤᠭᠤᠴᠠᠭ᠎ᠠ ᠬᠤᠪᠢᠶᠠᠵᠤ ᠰᠠᠯᠠᠭᠠᠨ ᠲᠡᠰ ᠤᠨ ᠺᠠᠳ᠋ᠷ ᠤᠨ ᠨᠣᠮ ᠤᠩᠰᠢᠬᠤ ᠠᠩᠭᠢ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠡᠨᠡ ᠬᠤᠶᠠᠷ ᠬᠤᠭᠤᠴᠠᠭᠠᠨ ᠤ ᠪᠣᠯᠪᠠᠰᠤᠷᠠᠭᠤᠯᠤᠯ ᠨᠢ ᠪᠦᠬᠦ ᠲᠤᠭᠤᠷᠢᠭ ᠤᠨ ᠰᠠᠯᠠᠭᠠᠨ ᠤ ᠲᠡᠰ ᠤᠨ ᠺᠠᠳ᠋ᠷ᠂ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠪᠦᠬᠦᠨ ᠢ ᠬᠠᠮᠤᠷᠴᠤ᠂ ᠬᠢᠴᠢᠶᠡᠯ ᠢ ᠲᠥᠪᠯᠡᠷᠡᠭᠦᠯᠦᠨ ᠬᠢᠴᠢᠶᠡᠯᠯᠡᠬᠦ᠂ ᠬᠤᠪᠢ ᠬᠥᠮᠦᠨ ᠪᠠᠷ ᠢᠶᠠᠨ ᠰᠣᠯᠢᠯᠴᠠᠬᠤ ᠵᠡᠷᠭᠡ ᠪᠠᠷ ᠪᠦᠷᠢᠯᠳᠦᠭᠦᠯᠦᠨ᠎ᠡ᠃ ᠬᠤᠭᠤᠴᠠᠭ᠎ᠠ ᠪᠦᠷᠢ ᠶᠢᠨ ᠪᠣᠯᠪᠠᠰᠤᠷᠠᠯ ᠤᠨ ᠠᠩᠭᠢ ᠶᠢ 3 ᠡᠳᠦᠷ ᠲᠥᠪᠯᠡᠷᠡᠭᠦᠯᠦᠨ ᠰᠤᠷᠤᠯᠴᠠᠵᠤ᠂ ᠬᠤᠶᠠᠷ ᠤᠳᠠᠭ᠎ᠠ ᠲᠥᠪᠯᠡᠷᠡᠭᠦᠯᠦᠨ ᠰᠣᠯᠢᠯᠴᠠᠨ᠎ᠠ᠃      ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠪᠠᠰᠠ ᠪᠥᠬᠦ ᠲᠤᠭᠤᠷᠢᠭ  ᠤᠨ  ᠭᠤᠤᠯ ᠰᠡᠳᠦᠪᠲᠦ ᠰᠤᠷᠭᠠᠨ ᠬᠥᠮᠦᠵᠢᠯ ᠤᠨ ︽ᠬᠡᠷᠡᠭᠵᠢᠭᠦᠯᠬᠦ ᠲᠥᠰᠦᠯ︾᠎ ᠢ ᠦᠨᠳᠦᠰᠦᠯᠡᠨ᠂ᠭᠤᠷᠪᠠᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠨᠠᠷᠢᠨ ᠬᠢᠨᠠᠮᠠᠭᠠᠶ ᠡᠮᠬᠢᠯᠡᠨ ᠲᠢᠭᠯᠡᠵᠦ᠂ ᠲᠣᠰ ᠲᠣᠰ ︽ᠰᠢᠶᠠᠨ ᠤ ᠱᠠᠲᠤᠨ ᠤ ᠺᠠᠳ᠋ᠷ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾᠂ ︽ᠨᠠᠮ ᠤᠨ ᠡᠭᠦᠷ ᠤᠨ ᠭᠤᠤᠯᠳᠠᠯᠭ᠎ᠠ ᠲᠠᠢ ᠡᠭᠦᠷᠭᠡ ᠵᠢᠨ‌ᠨᠠᠷᠢᠨ ᠳᠠᠩᠰᠠ︾᠂ ︽ᠬᠢᠨᠠᠨ‌ᠵᠢᠭᠠᠨ‌ᠵᠢᠯᠣᠭᠤᠳᠬᠤ ᠳᠤᠭᠤᠶᠢᠯᠠᠩ ᠤᠨ ᠭᠤᠤᠯᠳᠠᠯᠭ᠎ᠠ ᠲᠠᠢ‌ᠡᠭᠦᠷᠭᠡ ᠵᠢᠨ‌ᠨᠠᠷᠢᠨ‌‍ᠲ᠋ᠠᠩᠰᠠ︾ ᠪᠠ ᠪᠠᠶᠢᠩᠭᠤ ᠶᠢᠨ ᠬᠤᠷᠢᠶ᠎ᠠ ᠶᠢᠨ ᠭᠤᠤᠯ ᠰᠡᠳᠦᠪᠲᠦ ᠰᠤᠷᠭᠠᠨ ᠬᠥᠮᠦᠵᠢᠯ ᠤᠨ ︽ᠠᠵᠢᠯ ᠶᠢᠨ ᠲᠣᠬᠢᠷᠠᠭᠤᠯᠤᠯᠲᠠ︾᠎ ᠶᠢ ᠨᠠᠷᠢᠨ ᠬᠢᠨᠠᠮᠠᠭᠠᠶ ᠡᠮᠬᠢᠯᠡᠨ᠂ ᠡᠭᠦᠷᠭᠡ ᠪᠠ ᠴᠠᠭ ᠤᠨ ᠬᠢᠵᠠᠭᠠᠷ ᠢ ᠤᠯᠠᠮ ᠨᠢᠭᠡ‌ᠠᠯᠬᠤᠮ ᠲᠣᠳᠣᠷᠬᠠᠶᠢᠯᠠᠵᠤ᠂ ᠭᠤᠤᠯ ᠰᠡᠳᠦᠪᠲᠦ ᠰᠤᠷᠭᠠᠨ ᠬᠥᠮᠦᠵᠢᠯ ᠢ ᠰᠠᠶᠢᠲᠤᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃      ᠠᠷᠠᠳ ᠤᠨ ᠳᠠᠭᠤᠨ ᠢ ᠥᠷᠭᠡᠨ ᠢᠶᠠᠷ ᠰᠣᠨᠣᠰᠴᠤ ᠥᠪᠡᠷ ᠥᠪᠡᠷ ᠤᠨ ᠢᠶᠠᠨ ᠬᠦᠴᠦᠯᠡᠨ᠎ᠡ      ᠬᠠᠶᠢᠷᠤᠪ ᠤᠨ ᠲᠣᠬᠤᠢ ᠲᠣᠭᠤᠷᠢᠭ ︽ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ︿ᠠᠷᠠᠳ ‍ᠤᠨ‌‍ᠲ᠋ᠠᠭᠤᠨ ᠢ ᠥᠷᠭᠡᠨ ᠢᠶᠠᠷ ᠰᠣᠨᠣᠰᠴᠤ᠂ ᠡᠭᠦᠳᠡ ᠪᠠᠨ ᠨᠡᠭᠡᠭᠡᠨ ᠢᠳᠬᠠᠯ ᠢ ᠬᠦᠯᠢᠶᠡᠨ ᠠᠪᠬᠤ﹀ ︽ᠴᠡᠭᠴᠡᠯᠡᠨ ᠰᠠᠶᠢᠵᠢᠷᠠᠭᠤᠯᠬᠤ ᠴᠠᠭ︾᠎ ᠤᠨ ᠠᠵᠢᠯ ᠶᠢᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠬᠠᠮ ᠵᠠᠭᠤᠴᠢᠯᠠᠭᠤᠷ ᠤᠨ ᠲᠥᠪ᠂ ᠵᠠᠰᠠᠭ ᠤᠨ ᠣᠷᠳᠣᠨ ᠤ ᠰᠦᠯᠵᠢᠶ᠎ᠡ᠂ ᠨᠠᠮ ᠤᠨ ᠪᠠᠶᠢᠭᠤᠯᠤᠯᠲᠠ ᠶᠢᠨ ᠰᠦᠯᠵᠢᠶ᠎ᠡ ᠳᠤ ︽ᠠᠷᠠᠳ ᠤᠨ ᠳᠠᠭᠤᠨ ᠢ ᠥᠷᠭᠡᠨ ᠢᠶᠠᠷ ᠰᠣᠨᠣᠰᠴᠤ᠂ ᠡᠭᠦᠳᠡ ᠪᠠᠨ ᠨᠡᠭᠡᠭᠡᠨ ᠢᠳᠬᠠᠯ ᠢ ᠬᠦᠯᠢᠶᠡᠨ ᠠᠪᠬᠤ︾ ᠰᠠᠨᠠᠯ ᠬᠤᠷᠢᠶᠠᠬᠤ ᠦᠭᠡ ᠦᠯᠡᠳᠡᠭᠡᠬᠦ ᠰᠠᠮᠪᠠᠷ᠎ᠠ᠂ ︽ᠴᠡᠭᠴᠡᠯᠡᠨ ᠰᠠᠶᠢᠵᠢᠷᠠᠭᠤᠯᠬᠤ ᠴᠠᠭ︾᠎ ᠤᠨ ᠲᠤᠰᠬᠠᠶ ᠰᠡᠳᠦᠪ ᠭᠠᠷᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠬᠤᠷᠢᠶ᠎ᠠ ᠶᠢᠨ ᠪᠢᠴᠢᠭ ᠮᠠᠲ᠋ᠧᠷᠢᠶᠠᠯ ᠪᠣᠯᠤᠨ ᠶᠠᠷᠢᠶᠠᠨ ᠤ ᠵᠣᠷᠢᠭ ᠰᠠᠨᠠᠭ᠎ᠠ ᠵᠢᠴᠢ ᠪᠠᠶᠢᠳᠠᠯ ᠢ ᠭᠤᠤᠯᠳᠠᠯᠭ᠎ᠠ ᠲᠠᠢ ᠤᠬᠠᠭᠤᠯᠪᠠ︔ ᠡᠭᠦᠳᠡᠨ ᠡᠮᠦᠨ᠎ᠡ᠂ ᠡᠯ᠎ᠡ ᠤᠶᠢᠯᠡᠴᠢᠯᠡᠭᠡᠨ ᠤ ᠲᠢᠩᠬᠢᠮ᠂ ᠪᠠᠯᠭᠠᠰᠤᠨ ᠤ ᠵᠡᠭᠡᠯᠢ ᠭᠤᠳᠤᠮᠵᠢ᠂ ᠲᠣᠰᠬᠤᠨ ᠤ ᠨᠡᠶᠢᠭᠡᠮ ᠲᠣᠭᠤᠷᠢᠭ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠲᠤ 65 ᠰᠠᠨᠠᠯ ᠬᠤᠷᠢᠶᠠᠬᠤ ᠬᠠᠶᠢᠷᠴᠠᠭ ᠭᠠᠷᠭᠠᠵᠤ᠂ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠴᠤᠭᠯᠠᠭᠤᠯᠪᠠ︔ ᠰᠠᠨᠠᠯ ᠬᠤᠷᠢᠶᠠᠬᠤ ᠤᠲᠠᠰᠤ ᠪᠠ ᠢᠮᠧᠯ ᠨᠡᠪᠲᠡᠷᠡᠭᠦᠯᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠪᠠ᠃ ᠣᠳᠣᠬᠠᠨ ᠪᠣᠯᠲᠠᠯ᠎ᠠ᠂ ᠡᠯ᠎ᠡ ᠠᠷᠭ᠎ᠠ ᠵᠠᠮ ᠢᠶᠠᠷ ᠬᠤᠷᠢᠶᠠᠭᠰᠠᠨ ᠰᠠᠨᠠᠯ ᠰᠠᠨᠠᠭᠤᠯᠭ᠎ᠠ ᠨᠡᠶᠢᠲᠡ 130 ᠵᠤᠷᠪᠤᠰ ᠪᠠᠶᠢᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ 56 ᠵᠤᠷᠪᠤᠰ ᠬᠠᠷᠢᠭᠤᠯᠲᠠ ᠥᠭᠴᠡᠶ᠃      ᠡᠭᠦᠨ ᠤ ᠳᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ︽ᠪᠠᠶᠢᠴᠠᠭᠠᠨ ᠳᠤᠷ ᠶᠠᠷᠢᠬᠤ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠪᠠᠶᠢᠴᠠᠭᠠᠨ ᠰᠤᠳᠤᠯᠤᠯᠲᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠠᠶᠢᠴᠠᠭᠠᠨ ᠰᠤᠳᠤᠯᠤᠯᠲᠠ ᠶᠢᠨ ᠭᠤᠤᠯᠳᠠᠯᠭ᠎ᠠ᠂ ᠪᠠᠶᠢᠴᠠᠭᠠᠨ ᠰᠤᠳᠤᠯᠤᠯᠲᠠ ᠶᠢᠨ ᠱᠠᠭᠠᠷᠳᠠᠯᠭ᠎ᠠ᠂ ᠪᠠᠶᠢᠴᠠᠭᠠᠨ ᠰᠤᠳᠤᠯᠤᠯᠲᠠ ᠶᠢᠨ ᠬᠡᠯᠪᠡᠷᠢ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠵᠡᠷᠭᠡ ᠡᠯ᠎ᠡ ᠲᠠᠯ᠎ᠠ ᠪᠠᠷ ᠲᠣᠰ ᠲᠣᠰ ᠪᠣᠳᠠᠲᠠᠶ ᠱᠠᠭᠠᠷᠳᠠᠯᠭ᠎ᠠ ᠳᠤᠷᠠᠳᠴᠤ᠂ ᠡᠯ᠎ᠡ ᠨᠢᠭᠡᠴᠡ ᠶᠢᠨ ᠡᠯ᠎ᠡ ᠵᠤᠶᠢᠯ  ᠤᠨ ᠠᠵᠢᠯ ᠢᠶᠠᠨ ᠭᠦᠨᠵᠡᠭᠡᠶ᠂ ᠨᠠᠷᠢᠯᠢᠭ ᠬᠢᠬᠦ ᠶᠢ ᠦᠨᠡᠨ ᠬᠦ ᠵᠢᠯᠣᠭᠤᠳᠪᠠ᠃ ᠰᠢᠶᠠᠨ ᠤ ᠱᠠᠲᠤᠨ ᠤ 29 ᠺᠠᠳ᠋ᠷ ᠪᠠᠶᠢᠴᠠᠭᠠᠨ ᠰᠤᠳᠤᠯᠬᠤ ᠰᠡᠳᠦᠪ ᠢᠶᠠᠨ ᠪᠦᠬᠦᠨ ᠢ ᠲᠣᠭᠲᠠᠭᠠᠵᠤ᠂ ᠡᠯ᠎ᠡ ᠰᠠᠯᠠᠭ᠎ᠠ‌ᠮᠥ᠋ᠴᠢᠷ ᠡᠯ᠎ᠡ ᠨᠢᠭᠡᠴᠡ ᠴᠦ ᠪᠠᠶᠢᠴᠠᠭᠠᠨ ᠰᠤᠳᠤᠯᠬᠤ ᠰᠡᠳᠦᠪ ᠢᠶᠠᠨ ᠠᠳᠠᠭ ᠲᠠᠭᠠᠨ 1 ᠲᠣᠭᠲᠠᠭᠠᠭᠰᠠᠨ ᠪᠠᠶᠢᠨ᠎ᠠ᠃    ᠰᠤᠷᠤᠯᠴᠠᠯᠭ᠎ᠠ ᠬᠥᠮᠦᠵᠢᠯ ᠤᠨ ᠪᠣᠳᠠᠲᠠᠶ ᠵᠢᠯᠣᠭᠤᠳᠣᠯᠭ᠎ᠠ ᠶᠢ ᠴᠢᠩᠭᠠᠳᠬᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠰᠤᠷᠤᠯᠴᠠᠯᠭ᠎ᠠ ᠬᠥᠮᠦᠵᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠤ᠂ ᠤᠳᠤᠷᠢᠳᠬᠤ ᠪᠠᠭ ᠪᠣᠯᠤᠨ ᠦᠨᠳᠦᠰᠦᠨ ᠱᠠᠲᠤᠨ ᠤ ᠨᠠᠮ ᠤᠨ ᠡᠭᠦᠷ ᠤᠨ ᠰᠤᠷᠤᠯᠴᠠᠬᠤ ᠠᠭᠤᠯᠭ᠎ᠠ᠂ ᠰᠤᠷᠤᠯᠴᠠᠬᠤ ᠴᠠᠭ᠂ ᠰᠤᠷᠤᠯᠴᠠᠬᠤ ᠠᠷᠭ᠎ᠠ ᠮᠠᠶ᠋ᠢᠭ᠂ ᠰᠤᠷᠤᠯᠴᠠᠬᠤ ᠱᠠᠭᠠᠷᠳᠠᠯᠭ᠎ᠠ᠂ ᠰᠤᠷᠤᠯᠴᠠᠬᠤ ᠠᠴᠢᠶᠠᠯᠠᠪᠤᠷᠢ ᠵᠡᠷᠭᠡ ᠲᠠᠯ᠎ᠠ ᠪᠠᠷ ᠨᠠᠩ ᠲᠣᠳᠣᠷᠬᠠᠶ᠂ ᠨᠠᠩ ᠠᠮᠠᠷᠬᠠᠨ ᠬᠢᠵᠦ᠂ ᠨᠠᠩ ᠳᠤᠪᠤᠶᠢᠮ᠎ᠠ ᠪᠣᠳᠠᠲᠠᠶ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ ᠶᠢ ᠳᠤᠷᠠᠳᠴᠤ᠂ ᠰᠠᠯᠠᠭᠠᠨ ᠤ ᠲᠡᠰ ᠤᠨ ᠤᠳᠤᠷᠢᠳᠬᠤ ᠺᠠᠳ᠋ᠷ ᠢ ᠪᠥᠬᠦ ᠲᠤᠭᠤᠷᠢᠭ ᠤᠨ ᠨᠣᠮ ᠤᠩᠰᠢᠬᠤ ᠠᠩᠭᠢ ᠳᠤ ᠣᠷᠣᠯᠴᠠᠬᠤ ᠠᠴᠠ ᠭᠠᠳᠠᠨ᠎ᠠ᠂ ᠡᠯ᠎ᠡ ᠰᠤᠷᠭᠠᠭᠤᠯᠢ ᠳᠤ ᠣᠷᠣᠯᠴᠠᠭᠰᠠᠨ ᠨᠢᠭᠡᠴᠡ ᠨᠢ ᠲᠣᠰ ᠨᠢᠭᠡᠴᠡ ᠳᠡᠭᠡᠨ ᠠᠳᠠᠭ ᠲᠠᠭᠠᠨ ᠬᠤᠶᠠᠷ ᠡᠳᠦᠷ ᠤᠨ ᠲᠥᠪᠯᠡᠷᠡᠭᠦᠯᠦᠨ ᠪᠣᠯᠪᠠᠰᠤᠷᠠᠭᠤᠯᠵᠤ ᠰᠤᠷᠤᠯᠴᠠᠭᠤᠯᠬᠤ ᠶᠢᠨ ᠬᠠᠮᠲᠤ ᠲᠤᠰᠬᠠᠶ ᠰᠡᠳᠦᠪ ᠤᠳ ᠲᠣᠭᠤᠷᠢᠨ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠰᠣᠯᠢᠯᠴᠠᠭ᠎ᠠ ᠬᠢᠬᠦ ᠬᠡᠷᠡᠭᠲᠡᠶ︔ ᠡᠯ᠎ᠡ ᠡᠭᠦᠷ ᠤᠨ ᠬᠢᠨ ᠪᠦᠬᠦ ᠲᠤᠭᠤᠷᠢᠭ ᠤᠨ ᠲᠥᠰᠦᠯ ᠳᠠᠬᠢ ︽ᠲᠠᠪᠤᠨ ᠨᠢᠭᠡ︾᠎ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠣᠬᠢᠷᠠᠭᠤᠯᠤᠯᠲᠠ ᠬᠢᠪᠡ︔ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠨᠠᠮ ᠤᠨ ᠭᠡᠰᠢᠭᠦᠨ ᠢ ᠰᠤᠷᠭᠠᠭᠤᠯᠢ ᠳᠤ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠰᠤᠷᠤᠯᠴᠠᠯᠭ᠎ᠠ ᠬᠥᠮᠦᠵᠢᠯ ᠳᠤ ᠣᠷᠣᠯᠴᠠᠭᠤᠯᠬᠤ ᠬᠡᠷᠡᠭᠲᠡᠶ︔ ᠰᠣᠶᠣᠯ ᠤᠨ ᠬᠢᠷᠢ ᠬᠡᠮᠵᠢᠶ᠎ᠡ ᠲᠤᠣᠷ᠎ᠠ ᠲᠠᠷᠢᠶᠠᠴᠢᠨ ᠨᠠᠮ ᠤᠨ ᠭᠡᠰᠢᠭᠦᠨ ᠢ ︽ᠨᠢᠭᠡᠳᠦᠭᠡᠷ ᠱᠦᠵᠢ︾᠂ ᠲᠣᠰᠬᠤᠨ ᠳᠤ ᠰᠠᠭᠤᠭ᠎ᠠ ᠺᠠᠳ᠋ᠷ ᠪᠠ ᠣᠶᠤᠲᠠᠨ ᠭᠠᠴᠠᠭᠠᠨ ᠳᠠᠷᠤᠭ᠎ᠠ ᠵᠡᠷᠭᠡ ᠪᠠᠷ ᠳᠠᠭᠠᠭᠤᠯᠤᠨ ᠰᠤᠷᠤᠯᠴᠠᠭᠤᠯᠳᠠᠭ ᠪᠥᠭᠡᠳ ᠬᠠᠪᠰᠤᠷᠤᠨ ᠰᠤᠷᠤᠯᠴᠠᠭᠤᠯᠳᠠᠭ︔ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠠᠮ ᠤᠨ ᠭᠡᠰᠢᠭᠦᠨ ᠳᠤ ᠨᠡᠶᠢᠭᠡᠮ ᠲᠣᠭᠤᠷᠢᠭ ᠤᠨ ᠠᠵᠢᠯᠯᠠᠵᠤ ᠪᠠᠶᠢᠭ᠎ᠠ ᠨᠠᠮ ᠤᠨ ᠭᠡᠰᠢᠭᠦᠨ᠂ ᠰᠦᠯᠵᠢᠶᠡᠨ ᠤ ᠳᠠᠷᠤᠭ᠎ᠠ ᠪᠠ ᠰᠦᠯᠵᠢᠶᠡᠨ ᠤ ᠭᠡᠰᠢᠭᠦᠨ ᠤ ᠤᠬᠠᠭᠤᠯᠵᠤ ᠬᠥᠲᠥᠯᠥᠨ ᠵᠢᠯᠣᠭᠤᠳᠬᠤ ᠤᠶᠢᠯᠡᠳᠤᠯ ᠢ ᠭᠦᠢᠴᠠᠤᠡ ᠪᠠᠳᠠᠷᠠᠭᠤᠯᠵᠤ᠂ ᠨᠡᠶᠢᠭᠡᠮ ᠲᠣᠭᠤᠷᠢᠭ ‍ᠤᠨ‌ᠨᠠᠮ ‍ᠤᠨ‌‍ᠭᠡᠰᠢᠭᠦᠨ ᠤ ᠰᠤᠷᠤᠯᠴᠠᠯᠭ᠎ᠠ ᠬᠥᠮᠦᠵᠢᠯ ᠳᠤ ᠣᠷᠣᠯᠴᠠᠬᠤ ᠶᠢ ᠨᠥᠯᠥᠭᠡᠯᠡᠨ ᠳᠠᠶᠢᠴᠢᠯᠠᠨ᠎ᠠ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠨᠠᠮ ᠤᠨ ᠭᠡᠰᠢᠭᠦᠨ ᠳᠤ ᠰᠤᠷᠤᠯᠴᠠᠯᠭ᠎ᠠ ᠬᠥᠮᠦᠵᠢᠯ ᠪᠠ ᠤᠶᠢᠯᠡᠤᠡᠪᠤᠷᠢᠯᠡᠯ ᠡᠵᠡᠩᠨᠡᠯᠲᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠦᠷᠢᠶᠡᠯᠡᠩ ᠲᠣᠭᠤᠷᠢᠭ᠂ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠵᠡᠷᠭᠡ ᠠᠵᠢᠯᠯᠠᠭᠠᠨ ᠤ ᠲᠠᠯᠠᠪᠤᠷ ᠢ ᠠᠰᠢᠭᠯᠠ᠂ ᠠᠮᠢᠳᠤᠯᠢᠭ ᠪᠥᠭᠡᠳ ᠳᠥᠭᠦᠮ ᠳᠥᠲᠡ ᠠᠷᠭ᠎ᠠ ᠮᠠᠶ᠋ᠢᠭ ᠢ ᠠᠪᠴᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠡᠷᠭᠡ ᠪᠣᠯᠤᠨ᠎ᠠ᠃       ᠴᠡᠭᠡᠯ ᠠᠭᠤᠯᠠ ᠪᠠᠯᠭᠠᠰᠤ ᠪᠣᠯᠤᠨ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠴᠤ ᠪᠣᠳᠠᠲᠠᠶ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠵᠡᠶ᠃ ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠡᠭᠦᠷ ᠢᠶᠠᠷ ᠨᠢᠭᠡᠴᠢ ᠪᠣᠯᠭᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ︽ᠤᠯᠤᠰ ᠲᠥᠷᠦ ᠶᠢᠨ ᠲᠥᠷᠥᠭᠰᠡᠨ ᠡᠳᠦᠷ︾᠎ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠎ ᠶᠢ ᠥᠷᠨᠢᠭᠦᠯᠵᠦ᠂ ︽ᠤᠯᠤᠰ ᠲᠥᠷᠦ ᠶᠢᠨ ᠲᠥᠷᠥᠭᠰᠡᠨ ᠡᠳᠦᠷ︾᠎ ᠤᠨ ᠨᠠᠮ ᠤᠨ ᠭᠡᠰᠢᠭᠦᠨ ᠳᠤ ᠲᠥᠷᠥᠭᠰᠡᠨ ᠡᠳᠦᠷ ᠤᠨ ᠪᠠᠶᠠᠷ ᠤᠨ ᠺᠠᠷᠲ ᠵᠢᠴᠢ ᠨᠣᠮ ᠪᠢᠴᠢᠭ ᠬᠦᠷᠭᠡᠭᠰᠡᠨ ᠪᠥᠭᠡᠳ ︽ᠲᠣᠰᠬᠤᠨ ᠤ ᠨᠠᠮ ᠤᠨ ᠡᠭᠦᠷ ᠤᠨ ᠱᠦᠵᠢ︾᠎ ᠶᠢᠨ ᠪᠦᠷᠢᠯᠳᠦᠬᠦᠨ ᠢ ᠤᠷᠢᠵᠤ ᠰᠢᠨ᠎ᠡ ᠲᠣᠰᠬᠤᠨ ᠤ ᠨᠢᠭᠡᠳᠦᠭᠡᠷ ᠱᠦᠵᠢ ᠶᠠᠩ ᠮᠢᠩ ᠰᠢᠦᠸᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠲᠤᠬᠠᠶ ᠤᠬᠠᠭᠤᠯᠤᠨ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷ ᠢ ᠬᠥᠳᠡᠯᠦᠨ ᠳᠠᠭᠠᠭᠤᠯᠵᠤ ᠪᠠᠶᠢᠭᠠᠤᠡ ︽ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ︾ ᠪᠣᠯᠭᠠᠵᠤ᠂ ᠭᠤᠤᠯ ᠰᠡᠳᠦᠪᠲᠦ ᠬᠥᠮᠦᠵᠢᠯ ᠪᠣᠯᠤᠨ ᠪᠦᠬᠦ ᠪᠠᠯᠭᠠᠰᠤᠨ ᠤ ᠠᠵᠢᠯ ᠢ ᠣᠷᠭᠠᠨᠢᠭ ᠢᠶᠠᠷ ᠠᠭᠤᠰᠤᠯᠴᠠᠭᠤᠯᠵᠤ᠂ ︽ᠬᠠᠮ ᠨᠢᠳᠤᠷᠭ᠎ᠠ︾᠎ ᠶᠢ ᠬᠦᠴᠦᠯᠡᠨ ᠰᠠᠶᠢᠲᠤᠷ ᠬᠢᠪᠡ᠃ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ︽ᠨᠠᠢᠮᠠᠨ ᠬᠤᠯᠪᠣᠭ᠎ᠠ ᠨᠠᠢᠮᠠᠨ ᠪᠠᠶᠢᠭᠤᠯᠤᠯᠲᠠ︾᠎ ᠶᠢᠨ ᠬᠤᠲᠠ ᠶᠢᠨ ᠨᠠᠮ ᠤᠨ ᠪᠠᠶᠢᠭᠤᠯᠤᠯᠲᠠ ᠪᠣᠯᠤᠨ ᠡᠯ᠎ᠡ ᠨᠡᠶᠢᠭᠡᠮ ᠲᠣᠭᠤᠷᠢᠭ ᠤᠨ ᠣᠨᠴᠠᠯᠢᠭ ᠲᠠᠢ ᠨᠠᠮ ᠤᠨ  ᠪᠠᠶᠢᠭᠤᠯᠤᠯᠲᠠ ︵ᠪᠠᠶ ᠯᠧᠦ ᠨᠡᠶᠢᠭᠡᠮ ᠲᠣᠭᠤᠷᠢᠭ ᠤᠨ ︽1 + 5 + X︾᠂ ︽ᠭᠤᠷᠪᠠ ᠶᠢ ᠭᠡᠷᠡᠯᠲᠦᠭᠦᠯᠬᠦ ᠬᠤᠶᠠᠷ ᠢ ᠦᠨᠡᠯᠡᠬᠦ︾ ᠨᠠᠮ ᠤᠨ ᠪᠠᠶᠢᠭᠤᠯᠤᠯᠲᠠ ᠶᠢᠨ ᠵᠠᠭᠪᠤᠷ ᠲᠤ ᠲᠦᠰᠢᠭᠯᠡᠨ᠂ ︽ᠤᠭ ᠰᠠᠨᠠᠭ᠎ᠠ ᠨᠠᠮ ᠤᠨ ᠪᠠᠶᠢᠭᠤᠯᠤᠯᠲᠠ︾᠎ ᠶᠢ ᠴᠣᠭᠴᠠᠯᠠᠨ᠎ᠠ︔ ᠵᠦᠩ ᠾᠧ ᠶᠤᠸᠠᠨ ᠨᠡᠶᠢᠭᠡᠮ ᠲᠣᠭᠤᠷᠢᠭ ᠤᠨ ︽ᠨᠢᠭᠡ ᠭᠤᠷᠪᠠ ᠲᠠᠪᠤ︾᠎ ᠶᠢᠨ ᠠᠵᠢᠯ ᠶᠢᠨ ᠠᠷᠭ᠎ᠠ ᠂ ︽ᠠᠷᠠᠳ ᠲᠤ ᠠᠰᠢᠭ ᠬᠦᠷᠲᠡᠭᠡᠬᠦ ᠨᠠᠮ ᠤᠨ  ᠪᠠᠶᠢᠭᠤᠯᠤᠯᠲᠠ︾᠎ ᠶᠢ ᠬᠡᠷᠡᠭᠵᠢᠭᠦᠯᠪᠡ︔ ᠪᠠᠯᠭᠠᠰᠤᠨ ᠤ ᠬᠤᠶᠢᠳᠤ ᠨᠡᠶᠢᠭᠡᠮ ᠲᠣᠭᠤᠷᠢᠭ ᠤᠨ ︽ᠲᠠᠪᠤ ᠲᠡᠭ︾ ᠠᠵᠢᠯᠯᠠᠬᠤ ᠠᠷᠭ᠎ᠠ᠂ ︽ᠭᠤᠳᠤᠮᠵᠢ ᠶᠢᠨ ᠲᠥᠪ ᠤᠨ ᠨᠠᠮ ᠤᠨ ᠪᠠᠶᠢᠭᠤᠯᠤᠯᠲᠠ ᠶᠢᠨ 1 + 3︾ ᠠᠵᠢᠯ ᠶᠢᠨ ᠵᠠᠭᠪᠤᠷ︶ ᠠᠵᠢᠯ᠂ ᠵᠡᠭᠡᠯᠢ ᠭᠤᠳᠤᠮᠵᠢ ᠶᠢᠨ ᠶᠡᠭᠡ ᠠᠵᠢᠯᠯᠠᠬᠤ ᠬᠤᠷᠢᠶ᠎ᠠ᠂ ᠨᠡᠶᠢᠭᠡᠮ ᠲᠣᠭᠤᠷᠢᠭ ᠤᠨ ᠶᠡᠭᠡ ᠨᠠᠮ ᠤᠨ ᠬᠤᠷᠢᠶ᠎ᠠ ᠶᠢᠨ ᠠᠵᠢᠯ ᠢ ᠠᠬᠢᠭᠤᠯᠬᠤ ᠶᠢᠨ ᠬᠠᠮᠲᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢ ᠠᠭᠤᠰᠤᠯᠴᠠᠭᠤᠯᠪᠠ᠃ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ‌ᠣᠷᠣᠨ ᠤ ᠪᠠᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠭᠦᠢᠴᠠᠤᠡ ᠪᠠᠳᠠᠷᠠᠭᠤᠯᠵᠤ᠂ ᠭᠤᠤᠯ ᠰᠡᠳᠦᠪᠲᠦ ᠬᠥᠮᠦᠵᠢᠯ ᠤᠨ ᠠᠴᠢ ᠬᠤᠯᠪᠣᠭᠳᠠᠯ ᠢ ᠦᠢᠯᠡ ᠠᠵᠢᠯᠯᠠᠭ᠎ᠠ ᠳᠠᠭᠠᠨ ᠰᠢᠩᠭᠡᠭᠡᠬᠦ ᠪᠠᠷ ᠴᠢᠷᠮᠠᠶᠢᠵᠤ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠡᠬᠢᠯᠡᠯᠲᠡ ᠶᠢᠨ ᠶᠣᠰᠣᠯᠠᠯ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠤᠯᠭᠤᠷ ᠪᠢᠴᠢᠭ ᠤᠨ ᠨᠠᠨᠳᠢᠨ ᠪᠦᠲᠦᠭᠡᠯ ᠤᠨ ᠦᠵᠡᠰᠬᠦᠯᠡᠩ ᠢ ᠡᠷᠬᠢᠯᠡᠵᠦ᠂ ︽ᠬᠤᠪᠢᠰᠬᠠᠯ ᠤᠨ ᠠᠶᠠᠯᠠᠯ︾᠎ ᠢ ᠥᠷᠨᠢᠭᠦᠯᠪᠡ᠃ ᠰᠢᠨ ᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠺᠠᠩ ᠯᠧ ᠨᠡᠶᠢᠭᠡᠮ ᠲᠣᠭᠤᠷᠢᠭ ᠤᠨ ᠰᠢᠨ᠎ᠡ ᠶᠢ ᠡᠭᠦᠳᠬᠦ ᠳᠤ ᠲᠦᠰᠢᠭᠯᠡᠨ ︽ᠣᠴᠢ ᠶᠢᠨ ᠨᠠᠮ ᠤᠨ ᠪᠠᠶᠢᠭᠤᠯᠤᠯᠲᠠ︾ ᠵᠢᠴᠢ ︽ᠣᠴᠢ ᠶᠢᠨ ᠭᠠᠯ︾᠎ ᠤᠨ ᠣᠨᠴᠠᠯᠢᠭᠲᠤ ᠬᠤᠲᠠᠴᠢᠯᠠᠯᠲᠠ ᠶᠢᠨ ᠨᠠᠮ ᠤᠨ ᠪᠠᠶᠢᠭᠤᠯᠤᠯᠲᠠ ᠶᠢ ᠴᠣᠭᠴᠠᠯᠠᠵᠤ᠂ ᠭᠤᠤᠯ ᠰᠡᠳᠦᠪᠲᠦ ᠬᠥᠮᠦᠵᠢᠯ ᠢ ᠨᠡᠶᠢᠭᠡᠮ ᠲᠣᠭᠤᠷᠢᠭ ᠤᠨ ᠭᠠᠯ ᠤᠨ ᠲᠥᠷᠥᠯ ᠤᠨ ᠲᠥᠯᠥᠪᠯᠡᠭᠡ ᠶᠢᠨ ᠰᠢᠷᠢᠰ ᠠᠵᠢᠯᠯᠠᠭ᠎ᠠ ᠳᠤᠮᠳᠠ ᠨᠢᠭᠲᠠ ᠤᠶᠠᠯᠳᠤᠭᠤᠯᠵᠠᠶ᠃ ᠬᠤᠯᠪᠣᠭᠠᠯᠠᠨ ᠪᠠᠶᠢᠭᠤᠯᠬᠤ᠂ ᠡᠬᠢ ᠪᠠᠶᠠᠯᠢᠭ ᠢ ᠬᠤᠯᠪᠣᠭᠠᠯᠠᠨ ᠡᠳ᠋ᠯᠡᠬᠦ᠂ ᠨᠠᠮ ᠤᠨ ᠭᠡᠰᠢᠭᠦᠨ ᠬᠤᠯᠪᠣᠭᠠᠯᠠᠨ ᠬᠠᠮᠢᠶᠠᠷᠬᠤ᠂ ᠰᠤᠷᠭᠠᠨ ᠬᠥᠮᠦᠵᠢᠯ ᠢ ᠬᠤᠯᠪᠣᠭᠠᠯᠠᠨ ᠠᠳᠬᠤᠬᠤ᠂ ᠠᠵᠢᠯᠯᠠᠭ᠎ᠠ ᠶᠢ ᠬᠤᠯᠪᠣᠭᠠᠯᠠᠨ ᠥᠷᠨᠢᠭᠦᠯᠬᠦ ︽ᠲᠠᠪᠤ ᠶᠢ ᠬᠤᠯᠪᠣᠭᠠᠯᠠᠬᠤ︾᠎ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠰᠢᠨ ᠬᠠᠢ ᠨᠡᠶᠢᠭᠡᠮ ᠲᠣᠭᠤᠷᠢᠭ ᠲᠤ ᠲᠦᠰᠢᠭᠯᠡᠨ ︽‍ᠠᠮ ᠤᠨ ᠪᠠᠶᠢᠭᠤᠯᠤᠯᠲᠠ +︾ ᠠᠵᠢᠯ ᠤᠨ ᠵᠠᠭᠪᠤᠷ ᠢ ᠬᠡᠷᠡᠭᠵᠢᠭᠦᠯᠵᠦ᠂ ᠲᠤᠬᠠᠶᠢᠯᠠᠪᠠᠯ ᠨᠠᠮ ᠤᠨ ᠪᠠᠶᠢᠭᠤᠯᠤᠯᠲᠠ + ᠣᠷᠣᠨ ᠪᠦᠰᠡ᠂ ᠨᠠᠮ ᠤᠨ ᠪᠠᠶᠢᠭᠤᠯᠤᠯᠲᠠ + ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠶᠢᠯᠡᠴᠢᠯᠡᠭᠡ᠂ ᠨᠠᠮ ᠤᠨ ᠪᠠᠶᠢᠭᠤᠯᠤᠯᠲᠠ + ᠰᠡᠳᠬᠢᠯ ᠢ ᠳᠤᠯᠠᠭᠠᠴᠠᠭᠤᠯᠬᠤ ᠤᠶᠢᠯᠡᠴᠢᠯᠡᠭᠡ᠂ ᠨᠠᠮ ᠤᠨ ᠪᠠᠶᠢᠭᠤᠯᠤᠯᠲᠠ + ᠰᠠᠶᠢᠨ ᠳᠤᠷ᠎ᠠ ᠶᠢᠨ ᠤᠶᠢᠯᠡᠴᠢᠯᠡᠭᠡ᠂ ᠨᠠᠮ ᠤᠨ ᠪᠠᠶᠢᠭᠤᠯᠤᠯᠲᠠ + ᠰᠣᠶᠣᠯ᠂ ᠨᠠᠮ ᠤᠨ ᠪᠠᠶᠢᠭᠤᠯᠤᠯᠲᠠ + ᠵᠠᠯᠠᠭᠤ ᠨᠠᠰᠤ ᠵᠡᠷᠭᠡ ᠪᠣᠯᠤᠨ᠎ᠠ᠂ ︽ᠨᠡᠭᠦᠲᠡᠯ ᠨᠠᠮ ᠤᠨ ᠬᠢᠴᠢᠶᠡᠯ︾᠂ ︽ᠰᠡᠳᠬᠢᠯ ᠢ ᠳᠤᠯᠠᠭᠠᠴᠠᠭᠤᠯᠬᠤ ᠪᠠ ᠶᠠᠷᠢᠯᠴᠠᠬᠤ︾᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠭᠯᠠᠭᠴᠢ ᠵᠢᠨ‌ᠤᠶᠢᠯᠡᠴᠢᠯᠡᠭᠡ ᠵᠡᠷᠭᠡ ᠶᠢ ᠭᠤᠤᠯ ᠰᠡᠳᠦᠪᠲᠦ ᠬᠥᠮᠦᠵᠢᠯ ᠤᠨ ᠳᠤᠮᠳᠠ ᠲᠤᠣᠰᠢᠯᠠᠭᠤᠯᠤᠨ᠎ᠠ᠃ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠤᠯ ᠰᠡᠳᠦᠪ ᠭᠤᠤᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠤᠨ᠂ ︽ᠳᠥᠷᠪᠡᠨ ᠴᠢᠩᠭᠠᠳᠬᠠᠯ︾᠎ ᠠᠴᠠ ᠭᠠᠷᠳᠠᠵᠤ᠂ ᠨᠠᠮ ᠤᠨ ᠭᠡᠰᠢᠭᠦᠨ ᠺᠠᠳ᠋ᠷ ᠤᠨ ᠤᠤᠯ ᠤᠨ ᠰᠤᠷᠤᠯᠴᠠᠵᠤ ᠪᠠᠶᠢᠭᠰᠠᠨ ᠰᠠᠭᠤᠷᠢᠨ ᠳᠡᠭᠡᠷ᠎ᠡ ᠳᠤᠲᠠᠭᠤ ᠲᠣᠷᠭᠤᠨ ᠳᠤᠲᠠᠭᠤ ᠶᠢ ᠪᠠᠶᠢᠴᠠᠭᠠᠨ ᠨᠥᠬᠦᠪᠥᠷᠢᠯᠡᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠪᠡ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号