ᠤᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ | ᠰᠢᠰᠲ᠋ᠧᠮ ᠤᠨ ᠬᠢᠨ ᠳᠠᠷᠠᠭᠠᠴᠢ ᠶᠢᠨ ᠨᠢᠭᠡ ᠦᠶ᠎ᠡ ᠶᠢ ᠬᠠᠷᠠᠭᠠᠯᠵᠠᠬᠤ ᠠᠵᠢᠯ ᠶᠢᠨ ᠵᠥᠪᠯᠡᠯ᠂ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨ ᠬᠠᠶᠢᠷᠤᠪ ᠤᠨ ᠲᠣᠬᠤᠢ ᠲᠣᠭᠤᠷᠢᠭ ᠤᠨ ︽ᠰᠣᠩᠭᠤᠳᠠᠭ ᠵᠣᠬᠢᠶᠠᠯ ᠢ | ᠤᠩᠰᠢᠵᠤ᠂ ᠳᠤᠮᠳᠠᠳᠤ ᠤᠯᠤᠰ ᠢᠶᠠᠨ ᠬᠠᠶᠢᠷᠠᠯᠠᠨ᠎ᠠ︾ ᠭᠡᠬᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠣᠢ ᠶᠢ ᠪᠡᠯᠭᠡᠯᠡᠬᠦ ︽ᠳᠤᠮᠳᠠᠳᠤ ᠶᠢᠨ ᠰᠦᠭ ᠰᠦᠨᠡᠰᠦ︾ ᠶᠢᠨ ᠨᠣᠮ ᠤᠩᠰᠢᠬᠤ ᠶᠠᠷᠢᠶ᠎ᠠ ᠢᠯᠡᠳᠬᠡᠯ ᠤᠨ | ᠤᠷᠤᠯᠳᠤᠭᠠᠨ ᠢ ᠬᠠᠮᠲᠤᠷᠠᠨ ᠡᠷᠬᠢᠯᠡᠪᠡ᠃ | ᠠᠵᠢᠯᠯᠠᠭ᠎ᠠ ᠨᠢ ᠬᠠᠶᠢᠷᠤᠪ ᠤᠨ ᠲᠣᠬᠤᠢ ᠲᠣᠭᠤᠷᠢᠭ ᠤᠨ ᠶᠢᠰᠦᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃ | ᠬᠠᠶᠢᠷᠤᠪ ᠤᠨ ᠲᠣᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ 18 ᠲᠥᠯᠥᠭᠡᠯᠡᠭᠴᠢᠳ ᠤᠨ ᠠᠩᠭᠢ | ᠣᠷᠭᠢᠯᠤᠮ᠎ᠠ ᠬᠠᠯᠠᠭᠤᠨ ᠰᠡᠳᠬᠢᠯᠭᠡ᠂ ᠤᠮᠤᠭ ᠲᠡᠭᠦᠯᠳᠡᠷ ᠦᠰᠦᠭ ᠪᠢᠴᠢᠭ ᠢᠶᠠᠷ ︽ᠳᠤᠮᠳᠠᠳᠤ ᠤᠯᠤᠰ ᠢᠶᠠᠨ | ᠬᠠᠶᠢᠷᠠᠯᠠᠬᠤ︾ ᠶᠢ ᠴᠤᠤᠷᠢᠶᠠᠲᠤᠭᠤᠯᠵᠤ᠂ ᠡᠬᠡ ᠤᠯᠤᠰ ᠢᠶᠠᠨ ᠬᠠᠶᠢᠷᠠᠯᠠᠬᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ | ᠥᠬᠡᠶ᠂ ᠪᠠᠰᠠ ᠰᠤᠷᠤᠭᠴᠢᠳ ᠤᠨ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠵᠠᠯᠭᠠᠮᠵᠢᠯᠠᠭᠴᠢ ᠪᠣᠯᠬᠤ | ᠬᠠᠷᠢᠭᠤᠴᠠᠯᠭᠠᠲᠤ ᠰᠡᠳᠬᠢᠯᠭᠡ ᠪᠣᠯᠤᠨ ᠴᠢᠩ ᠦᠨᠡᠨᠴᠢ ᠰᠡᠳᠬᠢᠯᠭᠡ ᠶᠢ ᠪᠠᠲᠤᠳᠬᠠᠪᠠ᠃ | ᠬᠤᠷᠴᠠ ᠰᠢᠷᠦᠭᠦᠨ ᠮᠥᠷᠦ᠋ᠢᠴᠡᠭᠡᠨ ᠢᠶᠠᠷ ᠳᠠᠮᠵᠢᠭᠠᠳ᠂ ᠡᠴᠦᠰ ᠲᠤ ᠨᠢᠭᠡᠳᠦᠭᠡᠷ ᠲᠡᠰ ᠤᠨ ᠱᠠᠩᠨᠠᠯ 2᠂ | ᠬᠤᠶᠠᠳᠤᠭᠠᠷ ᠲᠡᠰ ᠤᠨ ᠱᠠᠩᠨᠠᠯ 4᠂ ᠭᠤᠷᠪᠠᠳᠤᠭᠠᠷ ᠲᠡᠰ ᠤᠨ ᠱᠠᠩᠨᠠᠯ 6᠂ ᠰᠢᠯᠢᠳᠡᠭ ᠱᠠᠩᠨᠠᠯ 6 ᠶᠢ | ᠰᠢᠯᠭᠠᠷᠠᠭᠤᠯᠵᠠᠶ᠃ |