ᠬᠠᠶᠢᠷᠤᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠶᠢᠨ ᠪᠣᠯᠵᠣᠭᠠᠨ ᠤ ᠵᠠᠯᠠᠭᠤ ᠨᠠᠰᠤ︾ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2019-10-11
     ᠤᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠦᠬᠠᠶ ᠶᠢᠨ ᠠᠵᠢᠯ ᠮᠡᠷᠭᠡᠵᠢᠯ ‍ᠤᠨ‌‍ᠲ᠋ᠡᠭᠡᠳᠤ ᠰᠤᠷᠭᠠᠭᠤᠯᠢ᠂ ᠦᠬᠠᠶ ᠶᠢᠨ ᠠᠵᠢᠯ ᠲᠥᠷᠥᠯ ᠤᠨ ᠨᠢᠭᠲᠠᠯᠠᠨ ᠪᠤᠳᠤᠬᠤ ᠨᠡᠶᠢᠭᠡᠮᠯᠢᠭ ᠲᠠᠢ ᠬᠠᠮᠲᠤ ᠪᠠᠷ ︽ᠭᠠᠶᠢᠯᠢ ᠶᠢᠨ ᠪᠣᠯᠵᠣᠭᠠᠨ ᠤ ᠵᠠᠯᠠᠭᠤ ᠨᠠᠰᠤ︾ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ᠶᠢ ᠪᠠᠶᠢᠭᠤᠯᠪᠠ᠃ ᠤᠶᠢᠯᠡᠴᠢᠯᠡᠭᠡᠨ ᠤ ᠠᠩᠭᠢ ᠨᠢ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠨᠢᠭᠲᠠᠯᠠᠨ ᠪᠤᠳᠤᠬᠤ ᠲᠤᠰᠬᠠᠶ ᠮᠡᠷᠭᠡᠵᠢᠯ ᠤᠨ ᠰᠤᠷᠤᠭᠴᠢ ᠵᠢᠴᠢ ᠬᠠᠶᠢᠷᠤᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠵᠠᠯᠠᠭᠤᠴᠤᠳ ᠤᠨ ᠠᠵᠢᠯᠲᠠᠨ ᠢᠶᠠᠷ ᠭᠤᠤᠯ ᠪᠣᠯᠭᠠᠵᠤ᠂ ᠭᠠᠢᠯᠢ ᠲᠠᠲᠠᠪᠤᠷᠢ ᠶᠢᠨ ᠤᠬᠠᠭᠤᠯᠭ᠎ᠠ᠂ ᠠᠵᠢᠯ ᠶᠢᠨ ᠪᠠᠶᠢᠷᠢ ᠶᠢᠨ ᠳᠠᠳᠤᠯᠭ᠎ᠠ᠂ ᠰᠠᠶᠢᠨ ᠳᠤᠷ᠎ᠠ ᠶᠢᠨ ᠤᠶᠢᠯᠡᠴᠢᠯᠡᠭᠡ᠂ ᠨᠡᠶᠢᠲᠡ ᠶᠢᠨ ᠠᠰᠠᠷᠠᠮᠵᠢ ᠶᠢᠨ ᠤᠶᠢᠯᠡᠴᠢᠯᠡᠭᠡ  ᠵᠡᠷᠭᠡ ᠶᠢ ᠨᠢᠭᠡ ᠴᠣᠭᠴᠠᠵᠢᠭᠤᠯᠤᠭᠰᠠᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠶᠢᠷᠤᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠰᠢᠨ᠎ᠡ ᠳᠦᠷᠢ ᠲᠥᠷᠬᠦ ᠶᠢ ᠪᠣᠶ ᠪᠣᠯᠭᠠᠵᠠᠶ᠃     ︽ᠭᠠᠶᠢᠯᠢ ᠶᠢᠨ ᠪᠣᠯᠵᠣᠭᠠᠨ ᠤ ᠵᠠᠯᠠᠭᠤ ᠨᠠᠰᠤ︾ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ  ᠤ ᠠᠩᠭᠢ ᠨᠢ ᠰᠠᠶᠢᠨ ᠳᠤᠷ᠎ᠠ ᠶᠢᠨ ᠤᠶᠢᠯᠡᠴᠢᠯᠡᠭᠡ ᠪᠠ ᠤᠶᠢᠯᠡᠳᠤᠯᠭᠡ ᠵᠢᠨ‌ᠵᠢᠭᠠᠨ ᠰᠤᠷᠭᠠᠯᠲᠠ ᠵᠢ‌ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ ᠬᠠᠶᠢᠷᠤᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠡᠭᠡᠳᠤ ᠰᠤᠷᠭᠠᠭᠤᠯᠢ ᠶᠢᠨ ᠰᠤᠷᠤᠭᠴᠢᠳ ᠲᠤ ᠤᠶᠢᠯᠡᠴᠢᠯᠡᠭᠡᠨ ᠤ ᠴᠢᠨᠠᠷᠲᠠᠶ ᠠᠵᠢᠯ ᠶᠢᠨ ᠪᠠᠶᠢᠷᠢ ᠬᠠᠩᠭᠠᠵᠤ᠂ ᠰᠠᠶᠢᠨ ᠳᠤᠷ᠎ᠠ ᠶᠢᠨ ᠠᠵᠢᠭᠯᠠᠭᠴᠢ ᠶᠢᠨ ᠡᠩᠨᠡᠭᠡ ᠶᠢ ᠲᠡᠭᠦᠯᠳᠡᠷᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠳᠡᠭᠡᠳᠤ ᠰᠤᠷᠭᠠᠭᠤᠯᠢ ᠳᠤ ᠨᠡᠶᠢᠭᠡᠮ ᠤᠨ ᠤᠶᠢᠯᠡᠳᠤᠯᠭᠡ ᠶᠢᠨ ︽ᠬᠤᠶᠠᠳᠤᠭᠠᠷ ᠬᠢᠴᠢᠶᠡᠯ ᠤᠨ ᠲᠠᠩᠬᠢᠮ︾ ᠢ ᠨᠡᠭᠡᠭᠡᠵᠦ ᠥᠭᠴᠡᠶ ᠃ ᠡᠭᠦᠨ ᠤ ᠳᠤ ᠬᠠᠮᠲᠤ᠂ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ᠪᠣᠯ ᠪᠠᠰᠠ ᠴᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠶᠢᠯᠡᠴᠢᠯᠡᠭᠡᠨ ᠤ ᠠᠩᠭᠢ ᠮᠥᠨ᠂ ᠲᠡᠷᠡ ᠨᠢ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠠᠷ᠎ᠠ ᠪᠦᠯᠤᠭ᠍ᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢᠨ ᠲᠣᠭᠤᠷᠢᠨ ᠳᠤ᠂ ᠪᠣᠯᠪᠠᠰᠤᠨ ᠤ ᠮᠡᠳᠡᠯᠭᠡ ᠶᠢ ᠲᠦᠭᠡᠮᠡᠯᠵᠢᠭᠦᠯᠵᠦ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠪᠠ︔ ᠬᠤᠲᠠ ᠴᠣᠭᠴᠠᠯᠠᠬᠤ᠂ ᠶᠠᠳᠠᠭᠤ ᠶᠢ ᠲᠡᠳᠬᠦᠬᠦ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠵᠠᠯᠠᠭᠤᠴᠤᠳ ᠤᠨ ᠬᠦᠴᠦᠨ ᠢ ᠨᠢᠭᠲᠠᠷᠠᠭᠤᠯᠵᠤ᠂ ︽ᠵᠢᠤᠡᠭᠦᠬᠦ᠂ ᠲᠤᠰᠠᠯᠠᠬᠤ᠂ ᠡᠶ᠎ᠡ ᠵᠣᠬᠢᠴᠠᠯ ᠲᠠᠢ ᠪᠠᠶᠢᠬᠤ︾ ᠰᠠᠶᠢᠨ ᠳᠤᠷ᠎ᠠ ᠶᠢᠨ ᠤᠶᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃      ᠲᠠᠷᠠᠭᠠᠴᠢ ᠶᠢᠨ ᠠᠯᠬᠤᠮ ᠳᠤ᠂ ︽ᠭᠠᠶᠢᠯᠢ ᠶᠢᠨ ᠭᠡᠷ᠎ᠡ ᠶᠢᠨ ᠵᠠᠯᠠᠭᠤ ᠨᠠᠰᠤ︾ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ᠨᠢ ᠰᠠᠶᠢᠨ ᠳᠤᠷ᠎ᠠ ᠶᠢᠨ ᠤᠶᠢᠯᠡᠴᠢᠯᠡᠭᠡᠨ  ᠤ ᠠᠭᠤᠯᠤᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠰᠠᠶᠢᠨ ᠳᠤᠷ᠎ᠠ ᠶᠢᠨ ᠤᠶᠢᠯᠡᠴᠢᠯᠡᠭᠡᠨ ᠤ ᠬᠦᠷᠢᠶ᠎ᠡ ᠶᠢ ᠥᠷᠭᠡᠳᠬᠡᠵᠦ᠂ ᠰᠠᠶᠢᠨ ᠳᠤᠷ᠎ᠠ ᠶᠢᠨ ᠤᠶᠢᠯᠡᠴᠢᠯᠡᠭᠡᠨ ᠤ ᠡᠩᠨᠡᠭᠡ ᠶᠢ ᠥᠷᠭᠡᠳᠬᠡᠨ᠂ ᠰᠠᠶᠢᠨ ᠳᠤᠷ᠎ᠠ ᠶᠢᠨ ᠤᠶᠢᠯᠡᠴᠢᠯᠡᠭᠡᠨ ᠤ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ᠂ ᠰᠠᠶᠢᠨ ᠳᠤᠷ᠎ᠠ ᠶᠢᠨ ᠤᠶᠢᠯᠡᠴᠢᠯᠡᠭᠡ ᠶᠢ ᠥᠷᠨᠢᠭᠦᠯᠬᠦ ᠪᠠᠷ ᠳᠠᠮᠵᠢᠭᠤᠯᠤᠨ ᠭᠠᠶᠢᠯᠢ ᠲᠤᠰᠢᠶᠠᠭᠴᠢ ᠶᠢ ᠨᠠᠩ ᠰᠠᠶᠢᠨ ᠬᠥᠲᠥᠯᠥᠨ ᠵᠢᠯᠣᠭᠤᠳᠴᠤ᠂ ︽ᠭᠠᠶᠢᠯᠢ ᠶᠢᠨ ᠶᠠᠪᠤᠳᠠᠯ ᠢᠶᠠᠷ ᠤᠳᠤᠷᠢᠳᠤᠮᠵᠢ ᠪᠣᠯᠭᠠᠬᠤ᠂ ᠠᠵᠢᠯ ᠲᠥᠷᠥᠯ ᠬᠠᠮᠵᠢᠯᠴᠠᠬᠤ᠂ ᠵᠠᠯᠠᠭᠤᠴᠤᠳ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠢᠭᠡᠳ ᠠᠵᠢᠯ ᠲᠥᠷᠥᠯ ᠤᠨ ᠨᠡᠶᠢᠭᠡᠮᠯᠢᠭ ᠵᠢᠴᠢ ᠳᠡᠭᠡᠳᠤ ᠰᠤᠷᠭᠠᠭᠤᠯᠢ ᠶᠢᠨ ᠬᠤᠤᠰ ᠴᠢᠭᠯᠡᠯ ᠢᠶᠠᠷ ᠬᠥᠳᠡᠯᠦᠯᠴᠡᠬᠦ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠪᠤᠶᠢᠵᠢᠭᠤᠯᠬᠤ᠂ ᠬᠤᠤᠰ ᠳᠠᠬᠢᠨ ᠢᠶᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号