ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ 9 ᠰᠠᠷ᠎ᠠ ᠶᠢᠨ 17 ᠤ ᠡᠳᠦᠷ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ | ᠡᠬᠢᠯᠡᠭᠦᠯᠦᠭᠰᠡᠨ ᠠᠴᠠ ᠨᠠᠰᠢ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠢᠴᠢ ᠪᠠᠯᠭᠠᠰᠤ ᠵᠡᠭᠡᠯᠢ | ᠭᠤᠳᠤᠮᠵᠢ ᠵᠡᠷᠭᠡ ᠬᠥᠮᠦᠰ ᠬᠤᠶᠢᠨ᠎ᠠ ᠬᠤᠶᠢᠨ᠎ᠠ ᠠᠴᠠ ᠪᠠᠨ ᠬᠥᠳᠡᠯᠦᠯᠴᠡᠵᠦ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠲᠤᠭᠤᠷᠢᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠬᠠᠶᠢᠷᠤᠪ ᠤᠨ | ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ | ᠶᠣᠰᠣᠭᠠᠷ᠂ ᠭᠤᠤᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠪᠠᠰᠠ ᠨᠢᠭᠡ ᠡᠭᠡᠯᠵᠢ ᠶᠢᠨ | ᠰᠤᠷᠤᠯᠴᠠᠯᠭ᠎ᠠ ᠶᠢ ᠥᠷᠨᠢᠭᠦᠯᠪᠡ᠃ | ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠡᠯ᠎ᠡ ᠵᠤᠶᠢᠯ ᠤᠨ ᠠᠵᠢᠯ ᠶᠢᠨ | ᠡᠭᠦᠷᠭᠡ ᠶᠢ ᠡᠷᠴᠢᠮ ᠲᠠᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠠᠯᠢ ᠡᠷᠲᠡ 9 ᠰᠠᠷ᠎ᠠ ᠶᠢᠨ ᠡᠬᠢ ᠪᠠᠷ | ᠬᠠᠶᠢᠷᠤᠪ ᠤᠨ ᠲᠣᠬᠤᠢ ᠲᠤᠭᠤᠷᠢᠭ ᠤ᠊ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠤᠳᠤᠷᠢᠳᠬᠤ | ᠲᠤᠭᠤᠶᠢᠯᠠᠩ ᠤᠨ ᠠᠯᠪᠠᠨ ᠭᠡᠷ ᠤᠨ ᠠᠩᠬᠠᠳᠤᠭᠠᠷ ᠤᠳᠠᠭ᠎ᠠ ᠶᠢᠨ ᠬᠤᠷᠠᠯ ᠵᠢᠴᠢ ᠳᠠᠶᠢᠴᠢᠯᠠᠨ ᠪᠣᠯᠪᠠᠰᠤᠷᠠᠭᠤᠯᠬᠤ | ᠬᠤᠷᠠᠯ ᠵᠢᠴᠢ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ154 ᠤᠳᠠᠭᠠᠨ ᠤ | ᠪᠠᠶᠢᠩᠭᠤ ᠶᠢᠨ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ | ᠵᠢᠴᠢ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠬᠤ ᠶᠢᠨ ᠬᠠᠮᠲᠤ | ︽ᠬᠠᠶᠢᠷᠤᠪ ᠤᠨ ᠲᠣᠬᠤᠢ ᠲᠤᠭᠤᠷᠢᠭ ᠤᠨᠨᠠᠮ ᠤᠨᠬᠤᠷᠢᠶ᠎ᠠ ᠶᠢᠨ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ | ᠲᠥᠰᠦᠯ︾ ︽ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ | ᠬᠥᠮᠦᠵᠢᠯ ᠤᠨ ᠠᠵᠢᠯ ᠶᠢᠨ ᠲᠣᠬᠢᠷᠠᠭᠤᠯᠤᠯᠲᠠ︾ ᠶᠢ ᠰᠤᠳᠤᠯᠤᠨ ᠬᠢᠨᠠᠨ ᠵᠥᠪᠯᠡᠵᠦ ᠪᠠᠲᠤᠯᠠᠪᠠ᠃ ᠪᠥᠬᠦ ᠲᠤᠭᠤᠷᠢᠭ | ᠤᠨ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢ 2019 ᠤᠨ ᠤ 9 ᠳ᠋ᠦᠭᠡᠷ ᠰᠠᠷ᠎ᠠ ᠶᠢᠨ 17 ᠤ ᠡᠳᠦᠷ ᠠᠴᠠ ᠡᠬᠢᠯᠡᠭᠦᠯᠵᠦ᠂ ᠰᠢᠶᠠᠨ ᠤ ᠤᠳᠤᠷᠢᠳᠬᠤ | ᠺᠠᠳ᠋ᠷ ᠢᠶᠠᠷ ᠭᠤᠤᠯᠳᠠᠯᠭ᠎ᠠ ᠪᠣᠯᠭᠠᠨ᠂ ᠪᠥᠬᠦ ᠨᠠᠮ ᠤᠨ ᠭᠡᠰᠢᠭᠦᠳ ᠤᠨ ᠳᠤᠮᠳᠠ ᠥᠷᠨᠢᠭᠦᠯᠵᠦ᠂ 11 ᠳ᠋ᠦᠭᠡᠷ ᠰᠠᠷ᠎ᠠ ᠶᠢᠨ | ᠰᠡᠭᠦᠯᠴᠢ ᠪᠣᠯᠲᠠᠯ᠎ᠠ ᠦᠨᠳᠦᠰᠦᠨ ᠳᠡᠭᠡᠨ ᠳᠠᠭᠤᠰᠬᠠᠨ᠎ᠠ᠃ | ᠭᠦᠨᠵᠡᠭᠡᠶ ᠰᠦᠪᠡᠭᠴᠢᠯᠡᠬᠦ ᠰᠤᠷᠤᠯᠴᠠᠯᠭ᠎ᠠ ᠪᠠᠷ ᠳᠠᠶᠢᠴᠢᠯᠠᠬᠤ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠭᠤᠤᠯ ᠰᠢᠵᠢᠮ ᠪᠣᠯᠭᠠᠵᠤ᠂ ᠲᠤᠬᠠᠶ ᠶᠢᠨ ᠲᠠᠯᠠᠪᠠᠢ ᠶᠢᠨ ᠬᠥᠮᠦᠵᠢᠯ ᠢ | ᠲᠠᠰᠤᠷᠠᠯᠲᠠ ᠦᠭᠡᠢ ᠴᠢᠩᠭᠠᠳᠬᠠᠪᠠ᠃ ︽ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠲᠥᠷᠥᠯ ᠤᠨ | ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ ᠨᠢᠭᠡ ᠤᠳᠠᠭ᠎ᠠ ᠶᠢᠨ ᠬᠤᠪᠢᠰᠬᠠᠯ ᠤᠨ | ᠤᠯᠠᠮᠵᠢᠯᠠᠯᠲᠤ ᠬᠥᠮᠦᠵᠢᠯ ᠢ ᠥᠷᠨᠢᠭᠦᠯᠬᠦ︾᠂ ︽ᠡᠯ᠎ᠡ ᠬᠦᠷᠢᠶᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ | ᠨᠡᠶᠢᠲᠡᠯᠢᠭ ᠬᠡᠷᠡᠭ ᠤᠨ ᠵᠢᠱᠢᠶ᠎ᠡ ᠪᠠᠷ ᠨᠢᠭᠡ ᠤᠳᠠᠭ᠎ᠠ ᠶᠢᠨ ᠲᠡᠷᠢᠭᠦᠨ ᠤ ᠨᠡᠶᠢᠲᠡᠯᠢᠭ ᠬᠥᠮᠦᠵᠢᠯ ᠢ ᠥᠷᠨᠢᠭᠦᠯᠬᠦ︾᠂ | ︽ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ︿ᠤᠭ ᠰᠠᠨᠠᠭ᠎ᠠ ᠪᠠᠨ | ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠤᠮᠠᠷᠠᠲᠤ ᠶᠢᠨ ᠪᠠᠭᠠᠲᠤᠷ ᠵᠢᠱᠢᠶᠡᠴᠢ ᠶᠢᠨ | ᠲᠡᠷᠢᠭᠦᠨ ᠤ ᠦᠢᠯᠡ ᠠᠵᠢᠯᠯᠠᠭ᠎ᠠ ᠶᠢᠨ ᠪᠣᠳᠠᠲᠤ ᠪᠠᠢᠳᠠᠯ ᠤᠨ ᠳᠦᠷᠰᠦ ᠰᠢᠩᠭᠡᠭᠡᠯᠲᠡ ᠶᠢ ᠦᠵᠡᠬᠦ ᠬᠡᠷᠡᠭᠲᠡᠶ︾᠂ | ︽ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠢᠭᠡ ᠤᠳᠠᠭ᠎ᠠ ᠶᠢᠨ ᠬᠤᠪᠢᠰᠬᠠᠯ ᠤᠨ ᠤᠯᠠᠮᠵᠢᠯᠠᠯᠲᠤ | ᠬᠥᠮᠦᠵᠢᠯ ᠤᠨ ᠶᠡᠭᠡ ᠬᠤᠷᠠᠯ ᠢ ᠥᠷᠨᠢᠭᠦᠯᠬᠦ ᠬᠡᠷᠡᠭᠲᠡᠶ︾᠂ ︽ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠡᠷᠡᠮᠵᠢ ᠶᠢᠨ ᠬᠥᠮᠦᠵᠢᠯ ᠤᠨ ᠺᠢᠨᠣ᠋ ︽ᠤᠭ ᠰᠠᠨᠠᠭᠠᠨ ᠤ | ᠲᠤᠷᠤᠶᠢᠲᠠᠯ︾᠂ ︽ᠲᠠᠪᠤᠨ ᠨᠢᠭᠡ︾ ᠶᠢᠨ ᠠᠵᠢᠯᠯᠠᠭ᠎ᠠ ᠶᠢ ᠲᠥᠪᠯᠡᠷᠡᠭᠦᠯᠦᠨ ᠦᠵᠡᠵᠦ᠂ ᠰᠤᠷᠤᠯᠴᠠᠯᠭ᠎ᠠ ᠶᠢᠨ | ᠴᠢᠭᠯᠡᠭᠦᠯᠦᠯᠲᠡ ᠴᠢᠨᠠᠷ᠂ ᠪᠣᠳᠠᠲᠤ ᠴᠢᠨᠠᠷ᠂ ᠪᠣᠳᠠᠲᠤ ᠬᠦᠴᠦᠨ ᠪᠣᠯᠤᠨ ᠨᠥᠯᠥᠭᠡᠯᠡᠬᠦ ᠬᠦᠴᠦᠨ ᠢ ᠦᠨᠡᠨᠬᠦ | ᠴᠢᠩᠭᠠᠳᠬᠠᠨ᠎ᠠ᠃ | ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ︽ᠬᠤᠪᠢᠰᠬᠠᠯᠲᠤ ᠵᠣᠷᠢᠭ ᠰᠠᠨᠠᠭ᠎ᠠ ᠮᠢᠨᠦ ᠰᠡᠳᠬᠢᠯ ᠢ | ᠭᠡᠶᠢᠭᠦᠯᠬᠦ︾ ᠲᠤᠬᠠᠶ ᠶᠢᠨ ᠲᠠᠯᠠᠪᠠᠢ ᠶᠢᠨ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠪᠦᠬᠦ ᠨᠠᠮ ᠤᠨ | ᠭᠡᠰᠢᠭᠦᠨ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ︿ᠬᠤᠪᠢᠰᠬᠠᠯᠲᠤ ᠵᠣᠷᠢᠭ ᠰᠠᠨᠠᠭ᠎ᠠ ᠮᠢᠨᠦ ᠰᠡᠳᠬᠢᠯ ᠢ | ᠭᠡᠶᠢᠭᠦᠯᠬᠦ﹀ ᠲᠤᠬᠠᠶ ᠶᠢᠨ ᠲᠠᠯᠠᠪᠠᠢ ᠶᠢᠨ ᠬᠥᠮᠦᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠦᠬᠦ ᠲᠤᠭᠤᠷᠢᠭ | ᠤᠨ 7 ᠬᠤᠪᠢᠰᠬᠠᠯᠲᠤ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠲᠤ ᠭᠦᠢᠴᠠᠤᠡ | ᠲᠦᠰᠢᠭᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠪᠦᠬᠦᠨ ᠨᠠᠭᠠᠳᠤ ᠵᠠᠬ᠎ᠠ ᠳᠠᠭᠠᠨ 1 ᠬᠤᠪᠢᠰᠬᠠᠯᠲᠤ ᠨᠠᠮ ᠤᠨ | ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠲᠤ ᠬᠦᠷᠴᠦ ᠲᠤᠬᠠᠶ ᠶᠢᠨ ᠲᠠᠯᠠᠪᠠᠢ ᠳᠤ ᠰᠤᠷᠤᠯᠴᠠᠵᠤ᠂ | ᠲᠤᠬᠠᠶ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠣᠳᠣ ᠪᠣᠯᠲᠠᠯ᠎ᠠ᠂ ᠪᠦᠬᠦ ᠲᠤᠭᠤᠷᠢᠭ ᠤᠨ ᠨᠡᠶᠢᠲᠡ 193ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠦᠵᠡᠪᠡ᠃ | 9 ᠳ᠋ᠦᠭᠡᠷ ᠰᠠᠷ᠎ᠠ ᠶᠢᠨ 24 ᠤ ᠡᠳᠦᠷ᠂ ᠪᠥᠬᠦ ᠲᠤᠭᠤᠷᠢᠭ ᠤᠨ ᠰᠢᠶᠠᠨ ᠤ ᠱᠠᠲᠤᠨ ᠤ ᠤᠳᠤᠷᠢᠳᠤᠯᠭ᠎ᠠ ᠪᠠᠰᠠ ᠵᠠᠩ | ᠶᠣᠣ ᠭᠦᠸᠧ ᠦᠵᠡᠭᠦᠯᠦᠯᠭᠡ ᠶᠢᠨ ᠲᠢᠩᠬᠢᠮ᠂ ᠴᠡᠭᠡᠯ ᠠᠭᠤᠯᠠ ᠪᠠᠯᠭᠠᠰᠤᠨ ᠤ ᠨᠠᠮ ᠤᠨ ᠭᠡᠰᠢᠭᠦᠨ ᠤ ᠠᠵᠢᠯᠯᠠᠭᠠᠨ ᠤ | ᠵᠢᠭᠰᠠᠭᠠᠯ ᠤᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠲᠠᠯᠠᠪᠠᠢ ᠳᠤ ᠵᠢᠭᠠᠨ ᠰᠤᠷᠭᠠᠯᠲᠠ ᠬᠢᠭᠰᠡᠨ ᠪᠥᠭᠡᠳ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠲᠣᠰ ᠡᠳᠦᠷ᠂ ᠬᠠᠶᠢᠷᠤᠪ ᠤᠨ ᠲᠣᠬᠤᠢ | ᠲᠣᠭᠤᠷᠢᠭ ᠤᠨ ᠰᠢᠶᠠᠨ ᠤ ᠱᠠᠲᠤᠨ ᠤ ᠤᠳᠤᠷᠢᠳᠬᠤ ᠺᠠᠳ᠋ᠷ ᠴᠠᠭᠠᠨ ᠴᠠᠮᠴᠠ ᠡᠮᠦᠰᠴᠦ᠂ ᠨᠠᠮ ᠤᠨ ᠰᠦᠯᠳᠡ ᠵᠡᠭᠦᠵᠦ᠂ | ᠵᠠᠩ ᠶᠣᠣ ᠭᠦᠸᠧ ᠶᠢᠨ ᠦᠢᠯᠡ ᠠᠵᠢᠯᠯᠠᠭ᠎ᠠ ᠶᠢᠨ ᠦᠵᠡᠭᠦᠯᠭᠡ ᠶᠢᠨ ᠲᠢᠩᠬᠢᠮ ᠪᠣᠯᠤᠨ ᠴᠡᠭᠡᠯ ᠠᠭᠤᠯᠠ ᠪᠠᠯᠭᠠᠰᠤᠨ ᠤ | ᠨᠠᠮ ᠤᠨ ᠭᠡᠰᠢᠭᠦᠨ ᠤ ᠠᠵᠢᠯᠯᠠᠭ᠎ᠠ ᠵᠢᠨᠲ᠋ᠥ᠋ᠪ ᠲᠤ ᠬᠦᠷᠴᠦ ︽ᠤᠭ ᠰᠠᠨᠠᠭ᠎ᠠ ᠪᠠᠨᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢᠨ | ᠠᠵᠢᠯᠯᠠᠭ᠎ᠠ ᠳᠤ ᠣᠷᠣᠯᠴᠠᠪᠠ᠃ | ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠬᠤᠶᠠᠷ ᠱᠠᠲᠤᠨ ᠤ ᠨᠣᠮ ᠤᠩᠰᠢᠬᠤ | ᠠᠩᠭᠢ ᠶᠢᠨ ᠠᠵᠢᠯᠯᠠᠭ᠎ᠠ ᠶᠢ ᠦᠨᠡᠨ ᠬᠦ ᠰᠠᠶᠢᠲᠤᠷ ᠡᠷᠬᠢᠯᠡᠵᠦ᠂ ᠨᠣᠮ ᠤᠩᠰᠢᠬᠤ ᠠᠩᠭᠢ ᠶᠢ ᠰᠢᠶᠠᠨ ᠤ | ᠤᠳᠤᠷᠢᠳᠤᠯᠭ᠎ᠠ ᠶᠢᠨ ᠨᠣᠮ ᠤᠩᠰᠢᠬᠤ ᠠᠩᠭᠢ ᠪᠠ ᠰᠠᠯᠠᠭᠠᠨ ᠤ ᠲᠡᠰ ᠤᠨ ᠺᠠᠳ᠋ᠷ ᠤᠨ ᠨᠣᠮ ᠤᠩᠰᠢᠬᠤ ᠠᠩᠭᠢ ᠭᠡᠵᠦ | ᠬᠤᠪᠢᠶᠠᠨ᠎ᠠ᠃ 29 ᠰᠢᠶᠠᠨ ᠤ ᠱᠠᠲᠤᠨ ᠤ ᠤᠳᠤᠷᠢᠳᠤᠯᠭ᠎ᠠ9 ᠰᠠᠷ᠎ᠠ ᠶᠢᠨ 23 ᠤ ᠡᠳᠦᠷ ᠠᠴᠠ 29 ᠤ ᠡᠳᠦᠷ | ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠨᠣᠮ ᠤᠩᠰᠢᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ᠂ | ᠰᠤᠷᠤᠯᠭ᠎ᠠ ᠲᠡᠭᠦᠰᠬᠦ ᠶᠣᠰᠣᠯᠠᠯ ᠪᠠ ᠲᠥᠪᠯᠡᠷᠡᠭᠦᠯᠦᠨ ᠬᠢᠴᠢᠶᠡᠯ ᠣᠷᠣᠬᠤ ᠶᠣᠰᠣᠯᠠᠯ ᠳᠤ ᠣᠷᠣᠯᠴᠠᠵᠤ᠂ ᠬᠠᠶᠢᠷᠤᠪ ᠤᠨ | ᠲᠣᠬᠤᠢ ᠲᠣᠭᠤᠷᠢᠭ ᠤᠨᠥᠪᠡᠷᠲᠡᠭᠡᠨ ᠬᠤᠪᠢ ᠬᠥᠮᠦᠨ ᠪᠠᠷ ᠢᠶᠠᠨ ᠰᠤᠷᠤᠯᠴᠠᠬᠤ᠂ ᠲᠤᠬᠠᠶ ᠶᠢᠨ ᠲᠠᠯᠠᠪᠤᠷ ᠲᠤ ᠵᠢᠭᠠᠨ | ᠰᠤᠷᠭᠠᠬᠤ᠂ ᠰᠣᠯᠢᠯᠴᠠᠭ᠎ᠠ ᠬᠢᠬᠦ ᠠᠵᠢᠯ ᠢ ᠵᠣᠬᠢᠶᠠᠨ ᠪᠠᠶᠢᠭᠤᠯᠪᠠ᠃ 9 ᠰᠠᠷ᠎ᠠ ᠶᠢᠨ 26 ᠤ ᠡᠳᠦᠷ ᠠᠴᠠ 28 ᠤ | ᠡᠳᠦᠷ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠲᠣᠰ ᠲᠣᠰ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠤᠳᠠᠭ᠎ᠠ᠂ ᠬᠤᠶᠠᠳᠤᠭᠠᠷ | ᠤᠳᠠᠭ᠎ᠠ ᠵᠢᠨᠰᠢᠶᠠᠨ ᠤ ᠲᠡᠰ ᠤᠨ ᠺᠠᠳ᠋ᠷ ᠤᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ︽ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠬᠦ︾ ︽ᠤᠭ ᠰᠠᠨᠠᠭ᠎ᠠ ᠪᠠᠨ ᠦᠯᠦ ᠮᠠᠷᠲᠠᠵᠤ᠂ ᠬᠦᠰᠡᠯᠡᠩ | ᠢᠲᠡᠭᠡᠯ ᠪᠢᠰᠢᠷᠡᠯ ᠢᠶᠠᠨ ᠪᠠᠲᠤᠳᠬᠠᠪᠠ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ | ᠤᠯᠤᠰ ᠲᠥᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠬᠤ ᠬᠡᠷᠡᠭᠲᠡᠶ︾᠂ ︽ᠤᠯᠤᠰ ᠲᠥᠷᠦ ᠶᠢᠨ ᠰᠠᠬᠢᠯᠭ᠎ᠠ ᠪᠠᠲᠤ᠂ | ᠤᠯᠤᠰ ᠲᠥᠷᠦ ᠶᠢᠨ ᠶᠣᠰᠣ ᠳᠦᠷᠢᠮ᠂ ᠪᠠᠲᠤ ᠴᠢᠩᠭ᠎ᠠ︾᠂ ︽ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾᠂ ︽ᠨᠠᠮ ᠤᠨ ᠳᠦᠷᠢᠮ ᠢ ᠰᠤᠷᠤᠯᠴᠠᠬᠤ᠂ ᠨᠠᠮ ᠤᠨ | ᠳᠦᠷᠢᠮ ᠢ ᠰᠠᠬᠢᠬᠤ ᠵᠢᠱᠢᠶᠡᠴᠢ ᠪᠣᠯᠬᠤ ᠬᠡᠷᠡᠭᠲᠡᠶ︾᠂ ︽ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ | ᠤᠶᠢᠯᠡᠳᠤᠯᠭᠡᠵᠢᠭᠦᠯᠤᠨ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ︾ ᠵᠡᠷᠭᠡ 6 ᠲᠤᠰᠬᠠᠶ ᠰᠡᠳᠦᠪ ᠢᠶᠠᠷ ᠲᠣᠰ | ᠲᠣᠰ ᠶᠠᠷᠢᠶ᠎ᠠ ᠲᠠᠯᠪᠢᠪᠠ᠃ | ᠡᠭᠦᠨ ᠤ ᠳᠤ ᠬᠠᠮᠲᠤ᠂ ᠪᠦᠬᠦ ᠲᠤᠭᠤᠷᠢᠭ ᠤᠨ 336 ᠰᠠᠯᠠᠭᠠᠨ ᠲᠡᠰ ᠤᠨ ᠺᠠᠳ᠋ᠷ 9 ᠳ᠋ᠦᠭᠡᠷ ᠰᠠᠷ᠎ᠠ ᠶᠢᠨ | 23 ᠤ ᠡᠳᠦᠷ ᠠᠴᠠ 25 ᠤ ᠡᠳᠦᠷ ᠪᠣᠯᠲᠠᠯ᠎ᠠ᠂ 9 ᠳ᠋ᠦᠭᠡᠷ ᠰᠠᠷ᠎ᠠ ᠶᠢᠨ 26 ᠤ ᠡᠳᠦᠷ ᠠᠴᠠ 28 ᠤ ᠡᠳᠦᠷ | ᠪᠣᠯᠲᠠᠯ᠎ᠠ ᠬᠤᠶᠠᠷ ᠬᠤᠭᠤᠴᠠᠭ᠎ᠠ ᠬᠤᠪᠢᠶᠠᠵᠤ ᠰᠠᠯᠠᠭᠠᠨ ᠲᠡᠰ ᠤᠨ ᠺᠠᠳ᠋ᠷ ᠤᠨ ᠨᠣᠮ ᠤᠩᠰᠢᠬᠤ ᠠᠩᠭᠢ ᠵᠢᠴᠢ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ᠃ | ᠡᠨᠡ ᠬᠤᠶᠠᠷ ᠬᠤᠭᠤᠴᠠᠭᠠᠨ ᠤ ᠪᠣᠯᠪᠠᠰᠤᠷᠠᠭᠤᠯᠤᠯ ᠨᠢ ᠪᠦᠬᠦ ᠲᠤᠭᠤᠷᠢᠭ ᠤᠨ ᠰᠠᠯᠠᠭᠠᠨ ᠤ ᠲᠡᠰ ᠤᠨ ᠺᠠᠳ᠋ᠷ᠂ | ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠪᠦᠬᠦᠨ ᠢ ᠬᠠᠮᠤᠷᠴᠤ᠂ ᠬᠢᠴᠢᠶᠡᠯ ᠢ | ᠲᠥᠪᠯᠡᠷᠡᠭᠦᠯᠦᠨ ᠬᠢᠴᠢᠶᠡᠯᠯᠡᠬᠦ᠂ ᠬᠤᠪᠢ ᠬᠥᠮᠦᠨ ᠪᠠᠷ ᠢᠶᠠᠨ ᠰᠣᠯᠢᠯᠴᠠᠬᠤ ᠵᠡᠷᠭᠡ ᠪᠠᠷ ᠪᠦᠷᠢᠯᠳᠦᠭᠦᠯᠦᠨ᠎ᠡ᠃ | ᠬᠤᠭᠤᠴᠠᠭ᠎ᠠ ᠪᠦᠷᠢ ᠶᠢᠨ ᠪᠣᠯᠪᠠᠰᠤᠷᠠᠯ ᠤᠨ ᠠᠩᠭᠢ ᠶᠢ 3 ᠡᠳᠦᠷ ᠲᠥᠪᠯᠡᠷᠡᠭᠦᠯᠦᠨ ᠰᠤᠷᠤᠯᠴᠠᠵᠤ᠂ ᠬᠤᠶᠠᠷ ᠤᠳᠠᠭ᠎ᠠ | ᠲᠥᠪᠯᠡᠷᠡᠭᠦᠯᠦᠨ ᠰᠣᠯᠢᠯᠴᠠᠨ᠎ᠠ᠃ | ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠪᠠᠰᠠ ᠪᠥᠬᠦ ᠲᠤᠭᠤᠷᠢᠭ ᠤᠨ ᠭᠤᠤᠯ | ᠰᠡᠳᠦᠪᠲᠦ ᠰᠤᠷᠭᠠᠨ ᠬᠥᠮᠦᠵᠢᠯ ᠤᠨ ︽ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ᠭᠤᠷᠪᠠᠨ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠬᠠᠭᠤᠳᠠᠰᠤ ᠶᠢ ᠨᠠᠷᠢᠨ ᠬᠢᠨᠠᠮᠠᠭᠠᠶ ᠡᠮᠬᠢᠯᠡᠨ ᠲᠢᠭᠯᠡᠵᠦ᠂ ᠲᠣᠰ ᠲᠣᠰ ︽ᠰᠢᠶᠠᠨ ᠤ ᠱᠠᠲᠤᠨ ᠤ | ᠺᠠᠳ᠋ᠷ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾᠂ ︽ᠨᠠᠮ ᠤᠨ ᠡᠭᠦᠷ ᠤᠨ ᠭᠤᠤᠯᠳᠠᠯᠭ᠎ᠠ ᠲᠠᠢ | ᠡᠭᠦᠷᠭᠡ ᠵᠢᠨᠨᠠᠷᠢᠨ ᠳᠠᠩᠰᠠ︾᠂ ︽ᠬᠢᠨᠠᠨᠵᠢᠭᠠᠨᠵᠢᠯᠣᠭᠤᠳᠬᠤ ᠳᠤᠭᠤᠶᠢᠯᠠᠩ ᠤᠨ | ᠭᠤᠤᠯᠳᠠᠯᠭ᠎ᠠ ᠲᠠᠢᠡᠭᠦᠷᠭᠡ ᠵᠢᠨᠨᠠᠷᠢᠨᠲ᠋ᠠᠩᠰᠠ︾ ᠪᠠ ᠪᠠᠶᠢᠩᠭᠤ ᠶᠢᠨ ᠬᠤᠷᠢᠶ᠎ᠠ ᠶᠢᠨ ᠭᠤᠤᠯ ᠰᠡᠳᠦᠪᠲᠦ ᠰᠤᠷᠭᠠᠨ | ᠬᠥᠮᠦᠵᠢᠯ ᠤᠨ ︽ᠠᠵᠢᠯ ᠶᠢᠨ ᠲᠣᠬᠢᠷᠠᠭᠤᠯᠤᠯᠲᠠ︾ ᠶᠢ ᠨᠠᠷᠢᠨ ᠬᠢᠨᠠᠮᠠᠭᠠᠶ ᠡᠮᠬᠢᠯᠡᠨ᠂ ᠡᠭᠦᠷᠭᠡ ᠪᠠ ᠴᠠᠭ ᠤᠨ ᠬᠢᠵᠠᠭᠠᠷ ᠢ | ᠤᠯᠠᠮ ᠨᠢᠭᠡᠠᠯᠬᠤᠮ ᠲᠣᠳᠣᠷᠬᠠᠶᠢᠯᠠᠵᠤ᠂ ᠭᠤᠤᠯ ᠰᠡᠳᠦᠪᠲᠦ ᠰᠤᠷᠭᠠᠨ ᠬᠥᠮᠦᠵᠢᠯ ᠢ ᠰᠠᠶᠢᠲᠤᠷ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠠᠷᠠᠳ ᠤᠨ ᠳᠠᠭᠤᠨ ᠢ ᠥᠷᠭᠡᠨ ᠢᠶᠠᠷ ᠰᠣᠨᠣᠰᠴᠤ ᠥᠪᠡᠷ ᠥᠪᠡᠷ ᠤᠨ ᠢᠶᠠᠨ ᠬᠦᠴᠦᠯᠡᠨ᠎ᠡ | ᠬᠠᠶᠢᠷᠤᠪ ᠤᠨ ᠲᠣᠬᠤᠢ ᠲᠣᠭᠤᠷᠢᠭ ︽ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ | ᠬᠥᠮᠦᠵᠢᠯ ᠤᠨ ︿ᠠᠷᠠᠳ ᠤᠨᠲ᠋ᠠᠭᠤᠨ ᠢ ᠥᠷᠭᠡᠨ ᠢᠶᠠᠷ ᠰᠣᠨᠣᠰᠴᠤ᠂ ᠡᠭᠦᠳᠡ ᠪᠠᠨ ᠨᠡᠭᠡᠭᠡᠨ ᠢᠳᠬᠠᠯ ᠢ ᠬᠦᠯᠢᠶᠡᠨ | ᠠᠪᠬᠤ﹀ ︽ᠴᠡᠭᠴᠡᠯᠡᠨ ᠰᠠᠶᠢᠵᠢᠷᠠᠭᠤᠯᠬᠤ ᠴᠠᠭ︾ ᠤᠨ ᠠᠵᠢᠯ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠠᠮ | ᠵᠠᠭᠤᠴᠢᠯᠠᠭᠤᠷ ᠤᠨ ᠲᠥᠪ᠂ ᠵᠠᠰᠠᠭ ᠤᠨ ᠣᠷᠳᠣᠨ ᠤ ᠰᠦᠯᠵᠢᠶ᠎ᠡ᠂ ᠨᠠᠮ ᠤᠨ ᠪᠠᠶᠢᠭᠤᠯᠤᠯᠲᠠ ᠶᠢᠨ ᠰᠦᠯᠵᠢᠶ᠎ᠡ ᠳᠤ | ︽ᠠᠷᠠᠳ ᠤᠨ ᠳᠠᠭᠤᠨ ᠢ ᠥᠷᠭᠡᠨ ᠢᠶᠠᠷ ᠰᠣᠨᠣᠰᠴᠤ᠂ ᠡᠭᠦᠳᠡ ᠪᠠᠨ ᠨᠡᠭᠡᠭᠡᠨ ᠢᠳᠬᠠᠯ ᠢ ᠬᠦᠯᠢᠶᠡᠨ ᠠᠪᠬᠤ︾ ᠰᠠᠨᠠᠯ | ᠬᠤᠷᠢᠶᠠᠬᠤ ᠦᠭᠡ ᠦᠯᠡᠳᠡᠭᠡᠬᠦ ᠰᠠᠮᠪᠠᠷ᠎ᠠ᠂ ︽ᠴᠡᠭᠴᠡᠯᠡᠨ ᠰᠠᠶᠢᠵᠢᠷᠠᠭᠤᠯᠬᠤ ᠴᠠᠭ︾ ᠤᠨ ᠲᠤᠰᠬᠠᠶ ᠰᠡᠳᠦᠪ ᠭᠠᠷᠭᠠᠵᠤ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ | ᠪᠣᠯᠤᠨ ᠲᠤᠭᠤᠷᠢᠭ ᠤᠨ ᠬᠤᠷᠢᠶ᠎ᠠ ᠶᠢᠨ ᠪᠢᠴᠢᠭ ᠮᠠᠲ᠋ᠧᠷᠢᠶᠠᠯ ᠪᠣᠯᠤᠨ ᠶᠠᠷᠢᠶᠠᠨ ᠤ ᠵᠣᠷᠢᠭ ᠰᠠᠨᠠᠭ᠎ᠠ ᠵᠢᠴᠢ ᠪᠠᠶᠢᠳᠠᠯ ᠢ | ᠭᠤᠤᠯᠳᠠᠯᠭ᠎ᠠ ᠲᠠᠢ ᠤᠬᠠᠭᠤᠯᠪᠠ︔ ᠡᠭᠦᠳᠡᠨ ᠡᠮᠦᠨ᠎ᠡ᠂ ᠡᠯ᠎ᠡ ᠤᠶᠢᠯᠡᠴᠢᠯᠡᠭᠡᠨ ᠤ ᠲᠢᠩᠬᠢᠮ᠂ ᠪᠠᠯᠭᠠᠰᠤᠨ ᠤ ᠵᠡᠭᠡᠯᠢ | ᠭᠤᠳᠤᠮᠵᠢ᠂ ᠲᠣᠰᠬᠤᠨ ᠤ ᠨᠡᠶᠢᠭᠡᠮ ᠲᠣᠭᠤᠷᠢᠭ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠲᠤ 65 ᠰᠠᠨᠠᠯ | ᠬᠤᠷᠢᠶᠠᠬᠤ ᠬᠠᠶᠢᠷᠴᠠᠭ ᠭᠠᠷᠭᠠᠵᠤ᠂ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠴᠤᠭᠯᠠᠭᠤᠯᠪᠠ︔ ᠰᠠᠨᠠᠯ | ᠬᠤᠷᠢᠶᠠᠬᠤ ᠤᠲᠠᠰᠤ ᠪᠠ ᠢᠮᠧᠯ ᠨᠡᠪᠲᠡᠷᠡᠭᠦᠯᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠪᠠ᠃ ᠣᠳᠣᠬᠠᠨ | ᠪᠣᠯᠲᠠᠯ᠎ᠠ᠂ ᠡᠯ᠎ᠡ ᠠᠷᠭ᠎ᠠ ᠵᠠᠮ ᠢᠶᠠᠷ ᠬᠤᠷᠢᠶᠠᠭᠰᠠᠨ ᠰᠠᠨᠠᠯ ᠰᠠᠨᠠᠭᠤᠯᠭ᠎ᠠ ᠨᠡᠶᠢᠲᠡ 130 ᠵᠤᠷᠪᠤᠰ ᠪᠠᠶᠢᠵᠤ᠂ ᠨᠢᠭᠡᠨᠲᠡ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ 56 ᠵᠤᠷᠪᠤᠰ ᠬᠠᠷᠢᠭᠤᠯᠲᠠ ᠥᠭᠴᠡᠶ᠃ | ᠡᠭᠦᠨ ᠤ ᠳᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ︽ᠪᠠᠶᠢᠴᠠᠭᠠᠨ ᠳᠤᠷ ᠶᠠᠷᠢᠬᠤ ᠲᠤᠬᠠᠶ ᠮᠡᠳᠡᠭᠳᠡᠯ︾ | ᠢ ᠳᠠᠷᠤᠮᠠᠯᠯᠠᠨ ᠲᠠᠷᠬᠠᠭᠠᠵᠤ᠂ ᠪᠠᠶᠢᠴᠠᠭᠠᠨ ᠰᠤᠳᠤᠯᠤᠯᠲᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ᠪᠠᠶᠢᠴᠠᠭᠠᠨ ᠰᠤᠳᠤᠯᠤᠯᠲᠠ ᠶᠢᠨ ᠭᠤᠤᠯᠳᠠᠯᠭ᠎ᠠ᠂ ᠪᠠᠶᠢᠴᠠᠭᠠᠨ ᠰᠤᠳᠤᠯᠤᠯᠲᠠ ᠶᠢᠨ ᠱᠠᠭᠠᠷᠳᠠᠯᠭ᠎ᠠ᠂ ᠪᠠᠶᠢᠴᠠᠭᠠᠨ | ᠰᠤᠳᠤᠯᠤᠯᠲᠠ ᠶᠢᠨ ᠬᠡᠯᠪᠡᠷᠢ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠵᠡᠷᠭᠡ ᠡᠯ᠎ᠡ ᠲᠠᠯ᠎ᠠ ᠪᠠᠷ ᠲᠣᠰ ᠲᠣᠰ | ᠪᠣᠳᠠᠲᠠᠶ ᠱᠠᠭᠠᠷᠳᠠᠯᠭ᠎ᠠ ᠳᠤᠷᠠᠳᠴᠤ᠂ ᠡᠯ᠎ᠡ ᠨᠢᠭᠡᠴᠡ ᠶᠢᠨ ᠡᠯ᠎ᠡ ᠵᠤᠶᠢᠯ ᠤᠨ ᠠᠵᠢᠯ ᠢᠶᠠᠨ ᠭᠦᠨᠵᠡᠭᠡᠶ᠂ ᠨᠠᠷᠢᠯᠢᠭ | ᠬᠢᠬᠦ ᠶᠢ ᠦᠨᠡᠨ ᠬᠦ ᠵᠢᠯᠣᠭᠤᠳᠪᠠ᠃ ᠰᠢᠶᠠᠨ ᠤ ᠱᠠᠲᠤᠨ ᠤ 29 ᠺᠠᠳ᠋ᠷ ᠪᠠᠶᠢᠴᠠᠭᠠᠨ ᠰᠤᠳᠤᠯᠬᠤ ᠰᠡᠳᠦᠪ ᠢᠶᠠᠨ | ᠪᠦᠬᠦᠨ ᠢ ᠲᠣᠭᠲᠠᠭᠠᠵᠤ᠂ ᠡᠯ᠎ᠡ ᠰᠠᠯᠠᠭ᠎ᠠᠮᠥ᠋ᠴᠢᠷ ᠡᠯ᠎ᠡ ᠨᠢᠭᠡᠴᠡ ᠴᠦ ᠪᠠᠶᠢᠴᠠᠭᠠᠨ ᠰᠤᠳᠤᠯᠬᠤ ᠰᠡᠳᠦᠪ ᠢᠶᠠᠨ | ᠠᠳᠠᠭ ᠲᠠᠭᠠᠨ 1 ᠲᠣᠭᠲᠠᠭᠠᠭᠰᠠᠨ ᠪᠠᠶᠢᠨ᠎ᠠ᠃ | ᠰᠤᠷᠤᠯᠴᠠᠯᠭ᠎ᠠ ᠬᠥᠮᠦᠵᠢᠯ ᠤᠨ ᠪᠣᠳᠠᠲᠠᠶ ᠵᠢᠯᠣᠭᠤᠳᠣᠯᠭ᠎ᠠ ᠶᠢ ᠴᠢᠩᠭᠠᠳᠬᠠᠬᠤ ᠶᠢᠨ ᠲᠥᠯᠥᠭᠡ᠂ ᠬᠠᠶᠢᠷᠤᠪ ᠤᠨ | ᠲᠣᠬᠤᠢ ᠲᠣᠭᠤᠷᠢᠭ ᠰᠤᠷᠤᠯᠴᠠᠯᠭ᠎ᠠ ᠬᠥᠮᠦᠵᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠤ᠂ | ᠤᠳᠤᠷᠢᠳᠬᠤ ᠪᠠᠭ ᠪᠣᠯᠤᠨ ᠦᠨᠳᠦᠰᠦᠨ ᠱᠠᠲᠤᠨ ᠤ ᠨᠠᠮ ᠤᠨ ᠡᠭᠦᠷ ᠤᠨ ᠰᠤᠷᠤᠯᠴᠠᠬᠤ ᠠᠭᠤᠯᠭ᠎ᠠ᠂ ᠰᠤᠷᠤᠯᠴᠠᠬᠤ | ᠴᠠᠭ᠂ ᠰᠤᠷᠤᠯᠴᠠᠬᠤ ᠠᠷᠭ᠎ᠠ ᠮᠠᠶ᠋ᠢᠭ᠂ ᠰᠤᠷᠤᠯᠴᠠᠬᠤ ᠱᠠᠭᠠᠷᠳᠠᠯᠭ᠎ᠠ᠂ ᠰᠤᠷᠤᠯᠴᠠᠬᠤ ᠠᠴᠢᠶᠠᠯᠠᠪᠤᠷᠢ ᠵᠡᠷᠭᠡ ᠲᠠᠯ᠎ᠠ ᠪᠠᠷ | ᠨᠠᠩ ᠲᠣᠳᠣᠷᠬᠠᠶ᠂ ᠨᠠᠩ ᠠᠮᠠᠷᠬᠠᠨ ᠬᠢᠵᠦ᠂ ᠨᠠᠩ ᠳᠤᠪᠤᠶᠢᠮ᠎ᠠ ᠪᠣᠳᠠᠲᠠᠶ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ ᠶᠢ | ᠳᠤᠷᠠᠳᠴᠤ᠂ ᠰᠠᠯᠠᠭᠠᠨ ᠤ ᠲᠡᠰ ᠤᠨ ᠤᠳᠤᠷᠢᠳᠬᠤ ᠺᠠᠳ᠋ᠷ ᠢ ᠪᠥᠬᠦ ᠲᠤᠭᠤᠷᠢᠭ ᠤᠨ ᠨᠣᠮ ᠤᠩᠰᠢᠬᠤ ᠠᠩᠭᠢ ᠳᠤ | ᠣᠷᠣᠯᠴᠠᠬᠤ ᠠᠴᠠ ᠭᠠᠳᠠᠨ᠎ᠠ᠂ ᠡᠯ᠎ᠡ ᠰᠤᠷᠭᠠᠭᠤᠯᠢ ᠳᠤ ᠣᠷᠣᠯᠴᠠᠭᠰᠠᠨ ᠨᠢᠭᠡᠴᠡ ᠨᠢ ᠲᠣᠰ ᠨᠢᠭᠡᠴᠡ ᠳᠡᠭᠡᠨ | ᠠᠳᠠᠭ ᠲᠠᠭᠠᠨ ᠬᠤᠶᠠᠷ ᠡᠳᠦᠷ ᠤᠨ ᠲᠥᠪᠯᠡᠷᠡᠭᠦᠯᠦᠨ ᠪᠣᠯᠪᠠᠰᠤᠷᠠᠭᠤᠯᠵᠤ ᠰᠤᠷᠤᠯᠴᠠᠭᠤᠯᠬᠤ ᠶᠢᠨ ᠬᠠᠮᠲᠤ ᠲᠤᠰᠬᠠᠶ | ᠰᠡᠳᠦᠪ ᠤᠳ ᠲᠣᠭᠤᠷᠢᠨ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠰᠣᠯᠢᠯᠴᠠᠭ᠎ᠠ ᠬᠢᠬᠦ ᠬᠡᠷᠡᠭᠲᠡᠶ︔ ᠡᠯ᠎ᠡ | ᠡᠭᠦᠷ ᠤᠨ ᠬᠢᠨ ᠪᠦᠬᠦ ᠲᠤᠭᠤᠷᠢᠭ ᠤᠨ ᠲᠥᠰᠦᠯ ᠳᠠᠬᠢ ︽ᠲᠠᠪᠤᠨ ᠨᠢᠭᠡ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠲᠣᠬᠢᠷᠠᠭᠤᠯᠤᠯᠲᠠ ᠬᠢᠪᠡ︔ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠨᠠᠮ ᠤᠨ ᠭᠡᠰᠢᠭᠦᠨ ᠢ ᠰᠤᠷᠭᠠᠭᠤᠯᠢ ᠳᠤ | ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠰᠤᠷᠤᠯᠴᠠᠯᠭ᠎ᠠ ᠬᠥᠮᠦᠵᠢᠯ ᠳᠤ ᠣᠷᠣᠯᠴᠠᠭᠤᠯᠬᠤ ᠬᠡᠷᠡᠭᠲᠡᠶ︔ ᠰᠣᠶᠣᠯ ᠤᠨ ᠬᠢᠷᠢ | ᠬᠡᠮᠵᠢᠶ᠎ᠡ ᠲᠤᠣᠷ᠎ᠠ ᠲᠠᠷᠢᠶᠠᠴᠢᠨ ᠨᠠᠮ ᠤᠨ ᠭᠡᠰᠢᠭᠦᠨ ᠢ ︽ᠨᠢᠭᠡᠳᠦᠭᠡᠷ ᠱᠦᠵᠢ︾᠂ ᠲᠣᠰᠬᠤᠨ ᠳᠤ ᠰᠠᠭᠤᠭ᠎ᠠ ᠺᠠᠳ᠋ᠷ ᠪᠠ | ᠣᠶᠤᠲᠠᠨ ᠭᠠᠴᠠᠭᠠᠨ ᠳᠠᠷᠤᠭ᠎ᠠ ᠵᠡᠷᠭᠡ ᠪᠠᠷ ᠳᠠᠭᠠᠭᠤᠯᠤᠨ ᠰᠤᠷᠤᠯᠴᠠᠭᠤᠯᠳᠠᠭ ᠪᠥᠭᠡᠳ ᠬᠠᠪᠰᠤᠷᠤᠨ | ᠰᠤᠷᠤᠯᠴᠠᠭᠤᠯᠳᠠᠭ︔ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠠᠮ ᠤᠨ | ᠭᠡᠰᠢᠭᠦᠨ ᠳᠤ ᠨᠡᠶᠢᠭᠡᠮ ᠲᠣᠭᠤᠷᠢᠭ ᠤᠨ ᠠᠵᠢᠯᠯᠠᠵᠤ ᠪᠠᠶᠢᠭ᠎ᠠ ᠨᠠᠮ ᠤᠨ ᠭᠡᠰᠢᠭᠦᠨ᠂ ᠰᠦᠯᠵᠢᠶᠡᠨ ᠤ ᠳᠠᠷᠤᠭ᠎ᠠ ᠪᠠ | ᠰᠦᠯᠵᠢᠶᠡᠨ ᠤ ᠭᠡᠰᠢᠭᠦᠨ ᠤ ᠤᠬᠠᠭᠤᠯᠵᠤ ᠬᠥᠲᠥᠯᠥᠨ ᠵᠢᠯᠣᠭᠤᠳᠬᠤ ᠤᠶᠢᠯᠡᠳᠤᠯ ᠢ ᠭᠦᠢᠴᠠᠤᠡ ᠪᠠᠳᠠᠷᠠᠭᠤᠯᠵᠤ᠂ | ᠨᠡᠶᠢᠭᠡᠮ ᠲᠣᠭᠤᠷᠢᠭ ᠤᠨᠨᠠᠮ ᠤᠨᠭᠡᠰᠢᠭᠦᠨ ᠤ ᠰᠤᠷᠤᠯᠴᠠᠯᠭ᠎ᠠ ᠬᠥᠮᠦᠵᠢᠯ ᠳᠤ ᠣᠷᠣᠯᠴᠠᠬᠤ ᠶᠢ ᠨᠥᠯᠥᠭᠡᠯᠡᠨ | ᠳᠠᠶᠢᠴᠢᠯᠠᠨ᠎ᠠ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ | ᠵᠣᠬᠢᠶᠠᠨ ᠪᠠᠶᠢᠭᠤᠯᠤᠯᠲᠠ ᠳᠠᠬᠢ ᠨᠠᠮ ᠤᠨ ᠭᠡᠰᠢᠭᠦᠨ ᠳᠤ ᠰᠤᠷᠤᠯᠴᠠᠯᠭ᠎ᠠ ᠬᠥᠮᠦᠵᠢᠯ ᠪᠠ ᠤᠶᠢᠯᠡᠤᠡᠪᠤᠷᠢᠯᠡᠯ | ᠡᠵᠡᠩᠨᠡᠯᠲᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠦᠷᠢᠶᠡᠯᠡᠩ ᠲᠣᠭᠤᠷᠢᠭ᠂ ᠨᠡᠶᠢᠭᠡᠮ ᠲᠣᠭᠤᠷᠢᠭ ᠤᠨ ᠨᠠᠮ | ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠵᠡᠷᠭᠡ ᠠᠵᠢᠯᠯᠠᠭᠠᠨ ᠤ ᠲᠠᠯᠠᠪᠤᠷ ᠢ ᠠᠰᠢᠭᠯᠠ᠂ ᠠᠮᠢᠳᠤᠯᠢᠭ ᠪᠥᠭᠡᠳ | ᠳᠥᠭᠦᠮ ᠳᠥᠲᠡ ᠠᠷᠭ᠎ᠠ ᠮᠠᠶ᠋ᠢᠭ ᠢ ᠠᠪᠴᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠡᠷᠭᠡ ᠪᠣᠯᠤᠨ᠎ᠠ᠃ | ᠴᠡᠭᠡᠯ ᠠᠭᠤᠯᠠ ᠪᠠᠯᠭᠠᠰᠤ ᠪᠣᠯᠤᠨ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠴᠤ ᠪᠣᠳᠠᠲᠠᠶ ᠠᠷᠭ᠎ᠠ | ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠵᠡᠶ᠃ ᠴᠡᠭᠡᠯ | ᠠᠭᠤᠯᠠ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠡᠭᠦᠷ ᠢᠶᠠᠷ ᠨᠢᠭᠡᠴᠢ ᠪᠣᠯᠭᠠᠨ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠵᠤ ︽ᠤᠯᠤᠰ ᠲᠥᠷᠦ ᠶᠢᠨ ᠲᠥᠷᠥᠭᠰᠡᠨ ᠡᠳᠦᠷ︾ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ | ᠶᠢ ᠥᠷᠨᠢᠭᠦᠯᠵᠦ᠂ ︽ᠤᠯᠤᠰ ᠲᠥᠷᠦ ᠶᠢᠨ ᠲᠥᠷᠥᠭᠰᠡᠨ ᠡᠳᠦᠷ︾ ᠤᠨ ᠨᠠᠮ ᠤᠨ ᠭᠡᠰᠢᠭᠦᠨ ᠳᠤ ᠲᠥᠷᠥᠭᠰᠡᠨ | ᠡᠳᠦᠷ ᠤᠨ ᠪᠠᠶᠠᠷ ᠤᠨ ᠺᠠᠷᠲ ᠵᠢᠴᠢ ᠨᠣᠮ ᠪᠢᠴᠢᠭ ᠬᠦᠷᠭᠡᠭᠰᠡᠨ ᠪᠥᠭᠡᠳ ︽ᠲᠣᠰᠬᠤᠨ ᠤ ᠨᠠᠮ ᠤᠨ ᠡᠭᠦᠷ ᠤᠨ | ᠱᠦᠵᠢ︾ ᠶᠢᠨ ᠪᠦᠷᠢᠯᠳᠦᠬᠦᠨ ᠢ ᠤᠷᠢᠵᠤ ᠰᠢᠨ᠎ᠡ ᠲᠣᠰᠬᠤᠨ ᠤ ᠨᠢᠭᠡᠳᠦᠭᠡᠷ ᠱᠦᠵᠢ ᠶᠠᠩ ᠮᠢᠩ | ᠰᠢᠦᠸᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠲᠤᠬᠠᠶ ᠤᠬᠠᠭᠤᠯᠤᠨ | ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷ ᠢ ᠬᠥᠳᠡᠯᠦᠨ ᠳᠠᠭᠠᠭᠤᠯᠵᠤ ᠪᠠᠶᠢᠭᠠᠤᠡ ︽ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ︾ ᠪᠣᠯᠭᠠᠵᠤ᠂ ᠭᠤᠤᠯ ᠰᠡᠳᠦᠪᠲᠦ ᠬᠥᠮᠦᠵᠢᠯ ᠪᠣᠯᠤᠨ ᠪᠦᠬᠦ | ᠪᠠᠯᠭᠠᠰᠤᠨ ᠤ ᠠᠵᠢᠯ ᠢ ᠣᠷᠭᠠᠨᠢᠭ ᠢᠶᠠᠷ ᠠᠭᠤᠰᠤᠯᠴᠠᠭᠤᠯᠵᠤ᠂ ︽ᠬᠠᠮ ᠨᠢᠳᠤᠷᠭ᠎ᠠ︾ ᠶᠢ ᠬᠦᠴᠦᠯᠡᠨ ᠰᠠᠶᠢᠲᠤᠷ ᠬᠢᠪᠡ᠃ | ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ︽ᠨᠠᠢᠮᠠᠨ ᠬᠤᠯᠪᠣᠭ᠎ᠠ ᠨᠠᠢᠮᠠᠨ ᠪᠠᠶᠢᠭᠤᠯᠤᠯᠲᠠ︾ ᠶᠢᠨ | ᠬᠤᠲᠠ ᠶᠢᠨ ᠨᠠᠮ ᠤᠨ ᠪᠠᠶᠢᠭᠤᠯᠤᠯᠲᠠ ᠪᠣᠯᠤᠨ ᠡᠯ᠎ᠡ ᠨᠡᠶᠢᠭᠡᠮ ᠲᠣᠭᠤᠷᠢᠭ ᠤᠨ ᠣᠨᠴᠠᠯᠢᠭ ᠲᠠᠢ ᠨᠠᠮ ᠤᠨ | ᠪᠠᠶᠢᠭᠤᠯᠤᠯᠲᠠ ︵ᠪᠠᠶ ᠯᠧᠦ ᠨᠡᠶᠢᠭᠡᠮ ᠲᠣᠭᠤᠷᠢᠭ ᠤᠨ ︽1 + 5 + X︾᠂ ︽ᠭᠤᠷᠪᠠ ᠶᠢ ᠭᠡᠷᠡᠯᠲᠦᠭᠦᠯᠬᠦ ᠬᠤᠶᠠᠷ ᠢ | ᠦᠨᠡᠯᠡᠬᠦ︾ ᠨᠠᠮ ᠤᠨ ᠪᠠᠶᠢᠭᠤᠯᠤᠯᠲᠠ ᠶᠢᠨ ᠵᠠᠭᠪᠤᠷ ᠲᠤ ᠲᠦᠰᠢᠭᠯᠡᠨ᠂ ︽ᠤᠭ ᠰᠠᠨᠠᠭ᠎ᠠ ᠨᠠᠮ ᠤᠨ ᠪᠠᠶᠢᠭᠤᠯᠤᠯᠲᠠ︾ ᠶᠢ | ᠴᠣᠭᠴᠠᠯᠠᠨ᠎ᠠ︔ ᠵᠦᠩ ᠾᠧ ᠶᠤᠸᠠᠨ ᠨᠡᠶᠢᠭᠡᠮ ᠲᠣᠭᠤᠷᠢᠭ ᠤᠨ ︽ᠨᠢᠭᠡ ᠭᠤᠷᠪᠠ ᠲᠠᠪᠤ︾ ᠶᠢᠨ ᠠᠵᠢᠯ ᠶᠢᠨ ᠠᠷᠭ᠎ᠠ ᠂ | ︽ᠠᠷᠠᠳ ᠲᠤ ᠠᠰᠢᠭ ᠬᠦᠷᠲᠡᠭᠡᠬᠦ ᠨᠠᠮ ᠤᠨ ᠪᠠᠶᠢᠭᠤᠯᠤᠯᠲᠠ︾ ᠶᠢ ᠬᠡᠷᠡᠭᠵᠢᠭᠦᠯᠪᠡ︔ ᠪᠠᠯᠭᠠᠰᠤᠨ ᠤ ᠬᠤᠶᠢᠳᠤ | ᠨᠡᠶᠢᠭᠡᠮ ᠲᠣᠭᠤᠷᠢᠭ ᠤᠨ ︽ᠲᠠᠪᠤ ᠲᠡᠭ︾ ᠠᠵᠢᠯᠯᠠᠬᠤ ᠠᠷᠭ᠎ᠠ᠂ ︽ᠭᠤᠳᠤᠮᠵᠢ ᠶᠢᠨ ᠲᠥᠪ ᠤᠨ ᠨᠠᠮ ᠤᠨ | ᠪᠠᠶᠢᠭᠤᠯᠤᠯᠲᠠ ᠶᠢᠨ 1 + 3︾ ᠠᠵᠢᠯ ᠶᠢᠨ ᠵᠠᠭᠪᠤᠷ︶ ᠠᠵᠢᠯ᠂ ᠵᠡᠭᠡᠯᠢ ᠭᠤᠳᠤᠮᠵᠢ ᠶᠢᠨ ᠶᠡᠭᠡ ᠠᠵᠢᠯᠯᠠᠬᠤ ᠬᠤᠷᠢᠶ᠎ᠠ᠂ | ᠨᠡᠶᠢᠭᠡᠮ ᠲᠣᠭᠤᠷᠢᠭ ᠤᠨ ᠶᠡᠭᠡ ᠨᠠᠮ ᠤᠨ ᠬᠤᠷᠢᠶ᠎ᠠ ᠶᠢᠨ ᠠᠵᠢᠯ ᠢ ᠠᠬᠢᠭᠤᠯᠬᠤ ᠶᠢᠨ ᠬᠠᠮᠲᠤ᠂ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ | ᠰᠤᠷᠤᠯᠴᠠᠯᠭ᠎ᠠ ᠶᠢ ᠠᠭᠤᠰᠤᠯᠴᠠᠭᠤᠯᠪᠠ᠃ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠬᠠᠷᠢᠶ᠎ᠠᠣᠷᠣᠨ ᠤ ᠪᠠᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠭᠦᠢᠴᠠᠤᠡ ᠪᠠᠳᠠᠷᠠᠭᠤᠯᠵᠤ᠂ ᠭᠤᠤᠯ | ᠰᠡᠳᠦᠪᠲᠦ ᠬᠥᠮᠦᠵᠢᠯ ᠤᠨ ᠠᠴᠢ ᠬᠤᠯᠪᠣᠭᠳᠠᠯ ᠢ ᠦᠢᠯᠡ ᠠᠵᠢᠯᠯᠠᠭ᠎ᠠ ᠳᠠᠭᠠᠨ ᠰᠢᠩᠭᠡᠭᠡᠬᠦ ᠪᠠᠷ ᠴᠢᠷᠮᠠᠶᠢᠵᠤ᠂ ︽ᠤᠭ | ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ | ᠡᠬᠢᠯᠡᠯᠲᠡ ᠶᠢᠨ ᠶᠣᠰᠣᠯᠠᠯ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 | ᠵᠢᠯ ᠤᠨ ᠣᠢ ᠶᠢ ᠪᠡᠯᠭᠡᠯᠡᠬᠦ ᠲᠤᠯᠭᠤᠷ ᠪᠢᠴᠢᠭ ᠤᠨ ᠨᠠᠨᠳᠢᠨ ᠪᠦᠲᠦᠭᠡᠯ ᠤᠨ ᠦᠵᠡᠰᠬᠦᠯᠡᠩ ᠢ ᠡᠷᠬᠢᠯᠡᠵᠦ᠂ | ︽ᠬᠤᠪᠢᠰᠬᠠᠯ ᠤᠨ ᠠᠶᠠᠯᠠᠯ︾ ᠢ ᠥᠷᠨᠢᠭᠦᠯᠪᠡ᠃ ᠰᠢᠨ ᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠺᠠᠩ | ᠯᠧ ᠨᠡᠶᠢᠭᠡᠮ ᠲᠣᠭᠤᠷᠢᠭ ᠤᠨ ᠰᠢᠨ᠎ᠡ ᠶᠢ ᠡᠭᠦᠳᠬᠦ ᠳᠤ ᠲᠦᠰᠢᠭᠯᠡᠨ ︽ᠣᠴᠢ ᠶᠢᠨ ᠨᠠᠮ ᠤᠨ ᠪᠠᠶᠢᠭᠤᠯᠤᠯᠲᠠ︾ ᠵᠢᠴᠢ | ︽ᠣᠴᠢ ᠶᠢᠨ ᠭᠠᠯ︾ ᠤᠨ ᠣᠨᠴᠠᠯᠢᠭᠲᠤ ᠬᠤᠲᠠᠴᠢᠯᠠᠯᠲᠠ ᠶᠢᠨ ᠨᠠᠮ ᠤᠨ ᠪᠠᠶᠢᠭᠤᠯᠤᠯᠲᠠ ᠶᠢ ᠴᠣᠭᠴᠠᠯᠠᠵᠤ᠂ ᠭᠤᠤᠯ | ᠰᠡᠳᠦᠪᠲᠦ ᠬᠥᠮᠦᠵᠢᠯ ᠢ ᠨᠡᠶᠢᠭᠡᠮ ᠲᠣᠭᠤᠷᠢᠭ ᠤᠨ ᠭᠠᠯ ᠤᠨ ᠲᠥᠷᠥᠯ ᠤᠨ ᠲᠥᠯᠥᠪᠯᠡᠭᠡ ᠶᠢᠨ ᠰᠢᠷᠢᠰ ᠠᠵᠢᠯᠯᠠᠭ᠎ᠠ | ᠳᠤᠮᠳᠠ ᠨᠢᠭᠲᠠ ᠤᠶᠠᠯᠳᠤᠭᠤᠯᠵᠠᠶ᠃ ᠬᠤᠯᠪᠣᠭᠠᠯᠠᠨ ᠪᠠᠶᠢᠭᠤᠯᠬᠤ᠂ ᠡᠬᠢ ᠪᠠᠶᠠᠯᠢᠭ ᠢ ᠬᠤᠯᠪᠣᠭᠠᠯᠠᠨ ᠡᠳ᠋ᠯᠡᠬᠦ᠂ ᠨᠠᠮ ᠤᠨ | ᠭᠡᠰᠢᠭᠦᠨ ᠬᠤᠯᠪᠣᠭᠠᠯᠠᠨ ᠬᠠᠮᠢᠶᠠᠷᠬᠤ᠂ ᠰᠤᠷᠭᠠᠨ ᠬᠥᠮᠦᠵᠢᠯ ᠢ ᠬᠤᠯᠪᠣᠭᠠᠯᠠᠨ ᠠᠳᠬᠤᠬᠤ᠂ ᠠᠵᠢᠯᠯᠠᠭ᠎ᠠ ᠶᠢ | ᠬᠤᠯᠪᠣᠭᠠᠯᠠᠨ ᠥᠷᠨᠢᠭᠦᠯᠬᠦ ︽ᠲᠠᠪᠤ ᠶᠢ ᠬᠤᠯᠪᠣᠭᠠᠯᠠᠬᠤ︾ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ | ᠥᠷᠨᠢᠭᠦᠯᠬᠦ ᠶᠢᠨ ᠬᠠᠮᠲᠤ ᠰᠢᠨ ᠬᠠᠢ ᠨᠡᠶᠢᠭᠡᠮ ᠲᠣᠭᠤᠷᠢᠭ ᠲᠤ ᠲᠦᠰᠢᠭᠯᠡᠨ ︽ᠠᠮ ᠤᠨ ᠪᠠᠶᠢᠭᠤᠯᠤᠯᠲᠠ +︾ | ᠠᠵᠢᠯ ᠤᠨ ᠵᠠᠭᠪᠤᠷ ᠢ ᠬᠡᠷᠡᠭᠵᠢᠭᠦᠯᠵᠦ᠂ ᠲᠤᠬᠠᠶᠢᠯᠠᠪᠠᠯ ᠨᠠᠮ ᠤᠨ ᠪᠠᠶᠢᠭᠤᠯᠤᠯᠲᠠ + ᠣᠷᠣᠨ ᠪᠦᠰᠡ᠂ ᠨᠠᠮ ᠤᠨ | ᠪᠠᠶᠢᠭᠤᠯᠤᠯᠲᠠ + ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠶᠢᠯᠡᠴᠢᠯᠡᠭᠡ᠂ ᠨᠠᠮ ᠤᠨ ᠪᠠᠶᠢᠭᠤᠯᠤᠯᠲᠠ + | ᠰᠡᠳᠬᠢᠯ ᠢ ᠳᠤᠯᠠᠭᠠᠴᠠᠭᠤᠯᠬᠤ ᠤᠶᠢᠯᠡᠴᠢᠯᠡᠭᠡ᠂ ᠨᠠᠮ ᠤᠨ ᠪᠠᠶᠢᠭᠤᠯᠤᠯᠲᠠ + ᠰᠠᠶᠢᠨ ᠳᠤᠷ᠎ᠠ ᠶᠢᠨ ᠤᠶᠢᠯᠡᠴᠢᠯᠡᠭᠡ᠂ | ᠨᠠᠮ ᠤᠨ ᠪᠠᠶᠢᠭᠤᠯᠤᠯᠲᠠ + ᠰᠣᠶᠣᠯ᠂ ᠨᠠᠮ ᠤᠨ ᠪᠠᠶᠢᠭᠤᠯᠤᠯᠲᠠ + ᠵᠠᠯᠠᠭᠤ ᠨᠠᠰᠤ ᠵᠡᠷᠭᠡ ᠪᠣᠯᠤᠨ᠎ᠠ᠂ ︽ᠨᠡᠭᠦᠲᠡᠯ | ᠨᠠᠮ ᠤᠨ ᠬᠢᠴᠢᠶᠡᠯ︾᠂ ︽ᠰᠡᠳᠬᠢᠯ ᠢ ᠳᠤᠯᠠᠭᠠᠴᠠᠭᠤᠯᠬᠤ ᠪᠠ ᠶᠠᠷᠢᠯᠴᠠᠬᠤ︾᠂ ᠨᠠᠮ ᠤᠨ ᠭᠡᠰᠢᠭᠦᠨ ᠰᠠᠶᠢᠨ ᠳᠤᠷ᠎ᠠ ᠶᠢᠨ | ᠠᠵᠢᠭᠯᠠᠭᠴᠢ ᠵᠢᠨᠤᠶᠢᠯᠡᠴᠢᠯᠡᠭᠡ ᠵᠡᠷᠭᠡ ᠶᠢ ᠭᠤᠤᠯ ᠰᠡᠳᠦᠪᠲᠦ ᠬᠥᠮᠦᠵᠢᠯ ᠤᠨ ᠳᠤᠮᠳᠠ ᠲᠤᠣᠰᠢᠯᠠᠭᠤᠯᠤᠨᠠ᠃ ᠯᠢᠨ | ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠤᠯ ᠰᠡᠳᠦᠪ ᠭᠤᠤᠯ ᠱᠤᠭᠤᠮ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠤᠨ᠂ ︽ᠳᠥᠷᠪᠡᠨ | ᠴᠢᠩᠭᠠᠳᠬᠠᠯ︾ ᠠᠴᠠ ᠭᠠᠷᠳᠠᠵᠤ᠂ ᠨᠠᠮ ᠤᠨ ᠭᠡᠰᠢᠭᠦᠨ ᠺᠠᠳ᠋ᠷ ᠤᠨ ᠤᠤᠯ ᠤᠨ ᠰᠤᠷᠤᠯᠴᠠᠵᠤ ᠪᠠᠶᠢᠭᠰᠠᠨ ᠰᠠᠭᠤᠷᠢᠨ | ᠳᠡᠭᠡᠷ᠎ᠡ ᠳᠤᠲᠠᠭᠤ ᠲᠣᠷᠭᠤᠨ ᠳᠤᠲᠠᠭᠤ ᠶᠢ ᠪᠠᠶᠢᠴᠠᠭᠠᠨ ᠨᠥᠬᠦᠪᠥᠷᠢᠯᠡᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠪᠡ᠃ |