ᠤᠭ ᠰᠠᠨᠠᠭᠠᠨ ᠤ ᠬᠦᠴᠦᠨ ᠢ ᠮᠡᠳᠡᠷᠡᠵᠦ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠶ᠎ᠠ
ᠨᠡᠶᠢᠲᠡᠯᠡᠭᠰᠡᠨ ᠴᠠᠭ᠄
2019-10-12
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠩ ᠰᠠᠶᠢᠲᠤᠷ ᠰᠤᠷᠤᠯᠴᠠᠨ ᠲᠤᠣᠱᠠᠯᠠᠭᠤᠯᠵᠤ᠂ ᠨᠠᠮ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠶᠢᠯᠡᠳᠤᠯᠭᠡ ᠶᠢᠨ ᠠᠵᠢᠯᠯᠠᠭ᠎ᠠ ᠶᠢ ᠭᠦᠨᠵᠡᠭᠡᠶ ᠤᠶᠢᠯᠡᠳᠤᠯᠭᠡᠵᠢᠭᠦᠯᠬᠦ ᠶᠢᠨ ᠲᠥᠯᠥᠭᠡ᠂ 2019 ᠤᠨ ᠤ 10 ᠰᠠᠷ᠎ᠠ ᠶᠢᠨ 10᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠴᠡᠴᠡᠷᠯᠢᠭ ᠤᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠦᠬᠠᠶ ᠬᠤᠲᠠ ᠶᠢᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠮᠦᠵᠢᠯ ‍ᠤᠨ‌ᠵᠢᠭᠰᠠᠭᠠᠯ ᠤᠨ ᠭᠠᠵᠠᠷ︾᠎ ᠢ ᠲᠣᠭᠤᠷᠢᠨ ᠦᠵᠡᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠎ ᠤᠨ ᠬᠥᠮᠦᠵᠢᠯ ᠢ ᠬᠦᠯᠢᠶᠡᠪᠡ᠃
      ︽ᠰᠡᠳᠬᠢᠯ ᠲᠠᠯᠪᠢᠨ‌ᠦᠵᠡᠬᠦ︾ — ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠪᠠᠷ᠂ ᠨᠠᠮ ᠤᠨ ᠭᠡᠰᠢᠭᠦᠳ ᠨᠣᠮ ᠤᠨ ᠰᠠᠩ ᠳᠣᠲᠣᠷᠠᠬᠢ ︽ᠰᠢᠨ᠎ᠡ ᠴᠠᠭ ᠦᠶ᠎ᠡ︾᠂ ︽ᠰᠢᠨ᠎ᠡ ᠦᠵᠡᠯ ᠰᠠᠨᠠᠭ᠎ᠠ︾᠂ ︽ᠰᠢᠨ᠎ᠡ ᠪᠠᠶᠢᠳᠠᠯ︾ ᠭᠤᠷᠪᠠᠨ ᠬᠡᠪᠯᠡᠯ ᠤᠨ ᠠᠭᠤᠯᠭ᠎ᠠ ᠶᠢ ᠳᠠᠷᠠᠭᠠᠯᠠᠨ ᠲᠣᠭᠤᠷᠢᠨ ᠦᠵᠡᠪᠡ᠃ ᠦᠵᠡᠭᠦᠯᠦᠯᠭᠡ ᠶᠢᠨ ᠰᠠᠮᠪᠠᠷ᠎ᠠ ᠳᠡᠭᠡᠷᠡᠬᠢ ᠦᠰᠦᠭ ᠪᠢᠴᠢᠭ ᠪᠠ ᠵᠢᠷᠤᠭ ᠢᠶᠠᠷ ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠳᠤᠷᠠᠳᠤᠯᠭ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠦᠷᠢᠯᠳᠦᠯ ᠵᠢᠴᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠤᠶᠢᠯ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠶᠢ ᠨᠠᠩ ᠪᠣᠳᠠᠲᠠᠶ ᠣᠶᠢᠯᠠᠭᠠᠵᠤ᠂ ᠬᠡᠪᠯᠡᠯ ᠨᠢᠭᠡᠪᠦᠷᠢ ᠨᠢ ᠴᠥᠮ ᠨᠠᠮ ᠤᠨ ᠭᠡᠰᠢᠭᠦᠨ ᠤ ᠴᠠᠭ ᠦᠭᠡ ᠲᠠᠢ ᠵᠡᠷᠭᠡ ᠪᠠᠷ ᠤᠷᠤᠭᠰᠢᠯᠠᠬᠤ᠂ ᠤᠷᠤᠭᠰᠢ ᠳᠠᠪᠰᠢᠬᠤ ᠶᠢ ᠤᠷᠮᠠᠰᠢᠭᠤᠯᠤᠨ ᠵᠣᠷᠢᠭᠵᠢᠭᠤᠯᠪᠠ᠃      ︽ᠨᠠᠷᠢᠨ ᠬᠢᠨᠠᠮᠠᠭᠠᠶ ᠰᠤᠷᠤᠯᠴᠠᠬᠤ︾ — ᠲᠣᠭᠤᠷᠢᠨ ᠦᠵᠡᠭᠰᠡᠨ ᠤ ᠳᠠᠷᠠᠭ᠎ᠠ᠂ ᠳᠡᠳ᠋ ᠱᠦᠵᠢ ᠸᠠᠩ ᠰᠦ ᠮᠧᠶ ᠨᠥᠬᠦᠷ ᠨᠠᠮ ᠤᠨ ᠭᠡᠰᠢᠭᠦᠳ ᠲᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠳᠤᠮᠳᠠ᠂ ᠬᠡᠷᠬᠢᠨ ᠤᠭ ᠵᠣᠬᠢᠶᠠᠯ ᠢ ᠤᠩᠰᠢᠵᠤ ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ ᠬᠡᠷᠬᠢᠨ ᠰᠤᠷᠤᠯᠴᠠᠬᠤ ᠠᠭᠤᠯᠭ᠎ᠠ ᠶᠢ ᠪᠣᠳᠠᠲᠠᠶ ᠠᠵᠢᠯ ᠶᠢᠨ ᠳᠤᠮᠳᠠ‌ᠨᠠᠶᠢᠳᠠᠪᠤᠷᠢᠵᠢᠭᠤᠯᠬᠤ᠂ ᠠᠵᠢᠯ ᠶᠢᠨ ᠳᠤᠮᠳᠠ ᠵᠥᠷᠢᠶ᠎ᠡ ᠪᠠᠨ ᠡᠷᠢᠵᠦ᠂ ᠴᠡᠭᠴᠡᠯᠡᠨ ᠰᠠᠶᠢᠵᠢᠷᠠᠭᠤᠯᠬᠤ ᠳᠤᠮᠳᠠ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠤᠶᠢᠯᠡᠳᠤᠯᠭᠡᠵᠢᠭᠦᠯᠬᠦ ᠲᠤᠬᠠᠶ ᠲᠠᠨᠢᠯᠴᠠᠭᠤᠯᠪᠠ᠃      ︽ᠵᠣᠷᠢᠭᠲᠠᠶ ᠶᠠᠷᠢᠬᠤ︾ — ᠲᠤᠬᠠᠶ ᠶᠢᠨ ᠲᠠᠯᠠᠪᠠᠢ ᠶᠢᠨ ᠬᠥᠮᠦᠵᠢᠯ ᠪᠣᠯᠤᠨ‌ᠤᠶᠢᠷ᠎ᠠ ᠶᠢᠨ ᠬᠤᠭᠤᠴᠠᠭᠠᠨ ᠤ ᠰᠤᠷᠤᠯᠴᠠᠯᠭ᠎ᠠ ᠲᠠᠢ ᠤᠶᠠᠯᠳᠤᠭᠤᠯᠵᠤ᠂ ᠨᠠᠮ ᠤᠨ ᠭᠡᠰᠢᠭᠦᠳ ᠤᠨ ᠴᠢᠯᠥᠭᠡᠲᠡᠶ ᠶᠠᠷᠢᠶ᠎ᠠ ᠲᠠᠯᠪᠢᠬᠤ ᠶᠢ ᠵᠣᠷᠢᠭᠵᠢᠭᠤᠯᠵᠤ ᠂ ᠥᠪᠡᠷ ᠤᠨ ᠲᠥᠷᠥᠭᠳᠡᠯ ᠪᠣᠯᠤᠨ ᠬᠤᠶᠢᠰᠢᠳᠠ ᠶᠢᠨ ᠠᠵᠢᠯ ᠶᠢᠨ ᠴᠢᠭᠯᠡᠯ ᠵᠶ᠋ᠠᠨ‌‍ᠶᠠᠷᠢᠬᠤ ᠶᠢ ᠵᠤᠷᠢᠭᠵᠢᠭᠤᠯᠪᠠ᠃      ᠬᠠᠮᠤᠭ ᠰᠡᠭᠦᠯ ᠳᠤ᠂ ᠸᠠᠩ ᠰᠦ ᠮᠧᠶ ᠨᠥᠬᠦᠷ ᠣᠯᠠᠨ ᠲᠠᠢ ᠬᠠᠮᠲᠤ ᠲᠡᠭᠦᠨ ᠤ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾᠎ ᠤ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠤᠷᠢᠯᠭ᠎ᠠ ᠪᠠᠷ ᠤᠯᠤᠰ ᠤᠨ ᠪᠠᠶᠠᠷ ᠤᠨ ᠶᠣᠰᠣᠯᠠᠯ  ᠢ ᠰᠣᠨᠢᠷᠬᠠᠬᠤ ᠦᠶ᠎ᠡ ᠶᠢᠨ ᠲᠥᠷᠥᠭᠳᠡᠯ ᠢᠶᠠᠨ ᠬᠤᠪᠢᠶᠠᠯᠴᠠᠵᠤ᠂ ︽ᠡᠬᠡ ᠤᠯᠤᠰ ᠤᠨ ᠠᠭᠤᠤ ᠶᠡᠭᠡ᠂ ᠴᠡᠷᠢᠭ ᠠᠩᠭᠢ ᠶᠢᠨ ᠣᠳᠣᠬᠢᠴᠢᠯᠠᠯᠲᠠ ᠶᠢ ᠤᠶᠢᠷ᠎ᠠ ᠵᠠᠶ ᠠᠴᠠ ᠬᠦᠷᠲᠡᠵᠦ᠂ ᠳᠤᠮᠳᠠᠳᠤ ᠤᠯᠤᠰ ᠤᠨ ᠬᠥᠮᠦᠨ ᠪᠣᠯᠤᠭᠰᠠᠨ ᠤ ᠬᠤᠪᠢ ᠳᠤ᠂ ᠪᠢ ᠣᠮᠣᠭᠰᠢᠵᠤ ᠪᠠᠶᠢᠨ᠎ᠠ᠂ ᠪᠢᠳᠡᠨ ᠤ ᠥᠰᠥᠯᠲᠡ ᠪᠤᠶᠢᠵᠢᠯᠲᠠ ᠡᠬᠡ ᠤᠯᠤᠰ ᠤᠨ ᠬᠠᠯᠠᠮᠵᠢᠯᠠᠯ ᠠᠴᠠ ᠰᠠᠯᠵᠤ ᠴᠢᠳᠠᠬᠤ ᠦᠭᠡᠢ᠂ ᠡᠶᠢᠮᠦ ᠠᠴᠠ ᠪᠢᠳᠡ ᠣᠳᠣ ᠶᠢᠨ ᠴᠠᠭ ᠮᠥᠴᠡ ᠪᠠᠨ ᠨᠠᠨᠳᠢᠩᠨᠠᠬᠤ ᠬᠡᠷᠡᠭᠲᠡᠢ︾ ᠲᠡᠷᠡ ᠬᠡᠯᠡᠭᠰᠡᠨ ᠨᠢ᠂ ᠡᠬᠡ ᠤᠯᠤᠰ ᠤᠨ ︽ᠶᠡᠭᠡ ᠭᠡᠷ ᠪᠦᠯᠢ︾ ᠪᠠᠶᠢᠮᠠᠨᠵᠢᠨ ᠰᠠᠶ᠋ᠢ ᠮᠠᠨ ᠤ ︽ᠪᠠᠭ᠎ᠠ ᠭᠡᠷ ᠪᠦᠯᠢ︾᠎ ᠲᠠᠢ ᠪᠣᠯᠵᠤ ᠴᠢᠳᠠᠨ᠎ᠠ᠂ ᠡᠬᠡ ᠤᠯᠤᠰ ᠤᠨ ᠬᠦᠴᠦᠷᠬᠡᠭᠵᠢᠯ ᠪᠠᠶᠢᠮᠠᠨᠵᠢᠨ ᠪᠢᠳᠡ ᠰᠠᠶ᠋ᠢ ᠠᠮᠤᠷ ᠲᠠᠶᠢᠪᠤᠩ ᠵᠣᠯ ᠵᠢᠷᠭᠠᠯ ᠲᠠᠢ ᠠᠮᠢᠳᠤᠷᠠᠵᠤ ᠴᠢᠳᠠᠨ᠎ᠠ᠃ ᠡᠮᠦᠨ᠎ᠡ ᠹᠷᠣᠨᠲ ᠤᠨ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ ᠪᠢᠳᠡ ᠡᠷᠬᠡᠪᠰᠢ ᠨᠠᠮ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠡᠨ ᠰᠡᠤᠡᠭᠢᠯᠭᠡ ᠪᠠᠷ ᠬᠤᠬᠡᠤᠡ ᠢᠶᠠᠨ ᠰᠤᠷᠭᠠᠨ ᠬᠥᠮᠦᠵᠢᠭᠦᠯᠵᠦ᠂ ᠲᠡᠳᠡᠨ ᠢ ᠬᠠᠶᠢᠷ᠎ᠠ ᠪᠠ ᠬᠠᠨᠢ ᠬᠠᠯᠠᠮᠵᠢᠯᠠᠯ ᠳᠣᠤᠷ᠎ᠠ ᠡᠷᠡᠭᠦᠯ ᠢᠶᠠᠷ ᠦᠰᠦᠨ ᠪᠤᠵᠢᠭᠤᠯᠤᠶ᠎ᠠ︕      ᠲᠣᠭᠤᠷᠢᠨ ᠦᠵᠡᠵᠦ ᠰᠤᠷᠤᠯᠴᠠᠬᠤ ᠪᠠ ᠬᠤᠪᠢᠶᠠᠯᠴᠠᠨ ᠡᠳ᠋ᠯᠡᠬᠦ ᠪᠠᠷ ᠳᠠᠮᠵᠢᠨ᠂ ᠨᠠᠮ ᠤᠨ ᠭᠡᠰᠢᠭᠦᠳ ᠤᠨ ᠨᠠᠮ ᠢᠶᠠᠨ ᠬᠠᠶᠢᠷᠠᠯᠠᠵᠤ ᠨᠠᠮ ᠢᠶᠠᠨ ᠬᠠᠮᠠᠭᠠᠯᠠᠬᠤ ᠬᠠᠶᠢᠷ᠎ᠠ ᠰᠡᠳᠬᠢᠯᠭᠡ ᠶᠢ ᠬᠥᠭᠵᠢᠭᠡᠵᠦ᠂ ︽ᠳᠥᠷᠪᠡᠨ ᠤᠬᠠᠮᠰᠠᠷ︾᠎ ᠢ ᠴᠢᠨᠠᠭᠰᠢᠳᠠ ᠴᠢᠩᠭᠠᠳᠬᠠᠵᠤ᠂ ︽ᠳᠥᠷᠪᠡᠨ‌ᠢᠲᠡᠭᠡᠯ︾ ᠢ‌‍ᠪᠠᠲᠤᠳᠬᠠᠪᠠ᠃ ᠣᠯᠠᠨ ᠢᠶᠠᠷ ᠢᠶᠠᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠤᠭ ᠰᠠᠨᠠᠭ᠎ᠠ ᠪᠠᠨ ᠤᠶᠢᠯᠡᠳᠤᠯᠭᠡᠵᠢᠭᠦᠯᠬᠦ᠂ ᠴᠠᠭ ᠢᠮᠠᠭᠲᠠ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠢ ᠠᠵᠢᠯᠯᠠᠵᠤ᠂ ᠬᠡᠤᠬᠡᠳ ᠤᠨ ᠴᠡᠴᠡᠷᠯᠢᠭ ᠤᠨ ᠬᠢᠴᠢᠶᠡᠯ ᠤᠨ ᠥᠭᠡᠷᠡᠴᠢᠯᠡᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号