ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠠᠷᠠᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2019-10-12
     2015 ᠣᠨ ᠳᠤ ᠦᠬᠠᠶ ᠬᠤᠲᠠ ᠤᠯᠤᠰ ᠤᠨ ᠭᠤᠷᠪᠠᠳᠤᠭᠠᠷ ᠪᠦᠯᠦᠭ ᠤᠨ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠲᠤᠷᠰᠢᠯᠲᠠ ᠳᠤ ᠵᠢᠭᠰᠠᠭᠠᠭᠳᠠᠭᠰᠠᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠨᠢ ᠡᠮᠴᠢᠯᠡᠭᠡ ᠶᠢ ᠰᠢᠯᠢᠳᠡᠭᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠦᠷᠭᠡᠳᠬᠡᠵᠦ᠂ ᠣᠯᠠᠨ ᠲᠦᠮᠡᠨ ᠳᠤ ᠠᠰᠢᠭ ᠬᠦᠷᠲᠡᠭᠡᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠭᠤᠷᠪᠠᠨ ᠭᠤᠤᠯ ᠰᠢᠪᠲᠤᠯᠤᠯᠲᠠ ᠶᠢᠨ ᠴᠢᠭᠯᠡᠯ ᠤᠨ ᠲᠣᠭᠤᠷᠢᠨ ᠳᠤ᠂ ᠡᠯ᠎ᠡ ᠵᠤᠶᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠯᠠᠪᠳᠠᠭᠤᠨ ᠢᠶᠠᠷ ᠠᠬᠢᠭᠤᠯᠵᠤ᠂ ᠨᠠᠩ ᠣᠯᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠨᠳᠦᠰᠦᠨ ᠱᠠᠲᠤᠨ ᠤ ᠣᠯᠠᠨ ᠲᠦᠮᠡᠨ ᠳᠤ ᠬᠦᠷᠲᠡᠭᠡᠪᠡ᠃      ᠤᠶᠢᠷ᠎ᠠ ᠳᠤ᠂ ᠬᠤᠲᠠ ᠶᠢᠨ ᠠᠷᠠᠳ ᠰᠦᠨ ᠱᠣ᠋ ᠧ ᠶᠢᠨ ᠬᠥᠭᠰᠢᠨ ᠨᠢ ᠬᠤᠳᠣᠭᠤᠳᠣᠨ ᠤᠷ᠎ᠠ ᠮᠢᠬ᠎ᠠ ᠠᠴᠠ ᠪᠣᠯᠵᠤ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ ᠣᠴᠢᠵᠤ ᠡᠮᠨᠡᠯᠭᠡ ᠳᠤ ᠰᠠᠭᠤᠵᠤ ᠡᠮᠨᠡᠭᠦᠯᠪᠡ᠂ ᠡᠪᠡᠤᠡᠴᠢᠨ ᠤ ᠵᠤᠶᠢᠯ ᠤᠨ ᠵᠠᠷᠤᠳᠠᠯ ᠲᠤᠰᠢᠶᠠᠬᠤ ᠪᠠᠷᠢᠮᠵᠢᠶ᠎ᠠ ᠪᠠᠷ ᠪᠣᠯ ᠨᠠᠰᠤᠲᠠᠨ ᠤ ᠡᠮᠨᠡᠨ ᠵᠠᠰᠠᠬᠤ ᠵᠠᠷᠤᠳᠠᠯ ᠤᠨ ᠲᠣᠭᠲᠠᠭᠰᠠᠨ ᠲᠤᠭ᠎ᠠ ᠨᠢ 5800 ᠲᠥᠭᠦᠷᠢᠭ ᠪᠣᠯᠤᠨ᠎ᠠ᠂ ᠥᠭᠡᠷ᠎ᠡ ᠪᠠᠷ ᠬᠡᠯᠡᠪᠡᠯ᠂ ᠡᠨᠡ ᠬᠦ ᠡᠪᠡᠳᠴᠢᠨ ᠢ ᠡᠮᠨᠡᠨ ᠵᠠᠰᠠᠬᠤ ᠳᠤ ᠵᠠᠷᠤᠴᠠᠭᠤᠯᠬᠤ ᠵᠠᠷᠤᠳᠠᠯ ᠨᠢ ᠬᠠᠮᠤᠭ ᠤᠨ ᠥᠨᠳᠥᠷ ᠲᠡᠭᠡᠨ ᠡᠨᠡ ᠬᠦ ᠲᠤᠭ᠎ᠠ ᠠᠴᠠ ᠬᠡᠲᠦᠷᠡᠬᠦ ᠥᠬᠡᠶ᠂ ᠬᠡᠲᠦᠷᠡᠭᠰᠡᠨ ᠬᠡᠰᠡᠭ ᠢ ᠡᠮᠴᠢᠯᠡᠭᠡᠨ ᠤ ᠪᠠᠶᠢᠭᠤᠯᠤᠮᠵᠢ ᠡᠭᠦᠷᠭᠡᠯᠡᠨ᠎ᠡ᠃ ᠢᠮᠦᠷᠬᠦ ᠰᠦᠢᠳᠬᠡᠯ ᠲᠤᠰᠢᠶᠠᠬᠤ ᠠᠷᠭ᠎ᠠ ᠬᠡᠯᠪᠡᠷᠢ ᠨᠢ ᠣᠨᠣᠰᠢᠯᠠᠨ ᠡᠮᠨᠡᠬᠦ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠯᠡᠭᠰᠡᠨ‌‍ᠪᠠᠶᠢᠨ᠎ᠠ᠃
     ᠡᠪᠡᠤᠡᠴᠢᠨ ᠤ ᠵᠤᠶᠢᠯ ᠢ ᠦᠨᠳᠤᠰᠤᠯᠡᠨ ᠰᠤᠶᠢᠤᠡᠭᠡᠯ ᠲᠤᠰᠢᠶᠠᠬᠤ ᠪᠣᠯ ᠠᠯᠪᠠᠨ ᠠᠴᠠ ᠪᠠᠶᠢᠭᠤᠯᠤᠭᠰᠠᠨ
ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠨᠢᠭᠡ ᠵᠤᠶᠢᠯ ᠤᠨ ᠴᠢᠬᠤᠯᠠ ᠠᠭᠤᠯᠭ᠎ᠠ ᠪᠣᠯᠤᠨ᠎ᠠ᠂ ᠡᠪᠡᠳᠴᠢᠨ ᠡᠮᠭᠡᠭ ᠢ ᠣᠨᠣᠰᠢᠯᠠᠬᠤ ᠨᠢᠭᠡᠳᠦᠯᠲᠡᠶ ᠠᠩᠭᠢᠯᠠᠬᠤ ᠪᠠᠷ ᠳᠠᠮᠵᠢᠭᠤᠯᠤᠨ᠂ ᠵᠤᠶᠢᠯ ᠪᠦᠷᠢ ᠶᠢᠨ ᠡᠪᠡᠳᠴᠢᠨ ᠡᠮᠭᠡᠭ ᠤᠨ ᠲᠣᠭᠲᠠᠭᠰᠠᠨ ᠲᠤᠭ᠎ᠠ ᠪᠠᠷ ᠲᠥᠯᠥᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ ᠲᠣᠰ ᠪᠠᠷᠢᠮᠵᠢᠶ᠎ᠠ ᠪᠣᠯᠤᠨ ᠡᠮᠨᠡᠯᠭᠡ ᠳᠤ ᠰᠠᠭᠤᠭᠰᠠᠨ ᠬᠥᠮᠦᠨ ᠤᠳᠠᠭ᠎ᠠ ᠶᠢᠨ ᠶᠣᠰᠣᠭᠠᠷ ᠲᠣᠭᠲᠠᠭᠰᠠᠨ ᠴᠢᠭ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠭᠰᠠᠨ ᠵᠠᠷᠤᠳᠠᠯ ᠢ ᠲᠥᠯᠥᠵᠦ᠂ ᠡᠮᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ ᠶᠢ ᠪᠠᠷᠢᠮᠵᠢᠶᠠᠵᠢᠭᠤᠯᠬᠤ ᠶᠢ ᠵᠢᠭᠠᠵᠤ ᠪᠣᠢ᠃ ᠡᠶᠢᠮᠦᠷᠬᠦᠤ ᠠᠷᠭ᠎ᠠ ᠮᠠᠶ᠋ᠢᠭ ᠨᠢ ᠡᠮᠨᠡᠯᠭᠡ ᠵᠢᠨ‌ᠬᠤᠷᠢᠶᠠᠨ ᠤ ᠬᠥᠩᠭᠡᠨ ᠡᠪᠡᠳᠴᠢᠨ ᠢ ᠶᠡᠭᠡ ᠪᠠᠷ ᠵᠠᠰᠠᠬᠤ ᠶᠢ ᠰᠡᠷᠭᠡᠶᠢᠯᠡᠭᠰᠡᠨ ᠢᠶᠠᠷ ᠪᠠᠷᠠᠬᠤ ᠦᠭᠡᠢ᠂ ᠪᠠᠰᠠ ᠡᠮ ᠡᠮᠨᠡᠯᠭᠡ ᠶᠢᠨ ᠤᠶᠢᠯᠡᠴᠢᠯᠡᠭᠡᠨ ᠤ ᠶᠠᠰᠤ ᠴᠢᠨᠠᠷ  ᠢ ᠪᠠᠲᠤᠯᠠᠭᠰᠠᠨ ᠪᠠᠶᠢᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠪᠡᠤᠡᠴᠢᠨ ᠤ ᠵᠤᠶᠢᠯ ᠢᠶᠠᠷ ᠰᠦᠢᠳᠬᠡᠯ ᠲᠤᠰᠢᠶᠠᠬᠤ ᠲᠤ ᠮᠤᠬᠤᠷ ᠣᠯᠣᠭᠠᠶ ᠶᠢᠨ ᠦᠷᠪᠢᠰᠦᠯ᠂ ᠰᠥᠰᠥᠨ ᠤᠭᠤᠲᠠᠨ ᠤ ᠦᠷᠪᠢᠰᠦᠯ᠂ ᠬᠤᠳᠣᠭᠤᠳᠣᠨ ᠤ ᠤᠷ ᠮᠢᠬ᠎ᠠ᠂ ᠭᠡᠳᠡᠰᠦᠨ ᠤ ᠤᠷ ᠮᠢᠬ᠎ᠠ ᠵᠡᠷᠭᠡ ᠡᠪᠡᠳᠴᠢᠨ ᠡᠮᠭᠡᠭ ᠪᠠᠭᠲᠠᠨ᠎ᠠ᠂ ᠡᠨᠡ ᠨᠢ ᠡᠪᠡᠳᠴᠢᠲᠡᠨ ᠳᠤ ᠠᠪᠴᠤ ᠬᠡᠯᠡᠪᠡᠯ ᠳᠠᠷᠤᠶ ᠡᠮᠴᠢᠯᠡᠭᠡᠨ ᠤ ᠵᠠᠷᠤᠯᠭ᠎ᠠ ᠶᠢ ᠪᠠᠭᠠᠰᠬᠠᠵᠤ ᠪᠠᠶᠢᠭ᠎ᠠ ᠶᠠᠪᠤᠳᠠᠯ ᠪᠣᠯᠤᠨ᠎ᠠ᠂ ᠵᠢᠱᠢᠶᠡᠯᠡᠪᠡᠯ ᠮᠤᠬᠤᠷ ᠣᠯᠣᠭᠠᠶ ᠶᠢᠨ ᠡᠩ ᠤᠨ ᠦᠷᠪᠢᠰᠦᠯ ᠤᠤᠯ ᠨᠢ 4500 ᠲᠥᠭᠦᠷᠢᠭ ᠬᠡᠷᠡᠭᠰᠡᠨ᠎ᠡ᠂ ᠤᠳᠤ ᠲᠥᠯᠥᠬᠦ ᠨᠣᠷᠮ᠎ᠠ ᠶᠣᠰᠣᠭᠠᠷ 3600 ᠲᠥᠭᠦᠷᠢᠭ‌‍ᠲ᠋ᠥ᠋ᠯᠥᠵᠦ᠂ ᠡᠪᠡᠳᠴᠢᠲᠡᠨ ᠤ ᠡᠮᠴᠢᠯᠡᠭᠡᠨ ᠤ ᠵᠠᠷᠤᠯᠭ᠎ᠠ ᠶᠢ ᠶᠡᠭᠡ ᠪᠠᠷ ᠪᠠᠭᠤᠷᠠᠭᠤᠯᠵᠠᠶ᠃ 2019 ᠣᠨ ᠳᠤ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠨᠡᠶᠢᠲᠡ 377 ᠡᠪᠡᠳᠴᠢᠲᠡᠨ ᠠᠰᠢᠭ ᠬᠦᠷᠲᠡᠪᠡ᠃      ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠤᠶᠢᠷ᠎ᠠ ᠶᠢᠨ ᠵᠢᠯ ᠠᠴᠠ ᠨᠠᠭᠠᠰᠢ᠂ ᠬᠠᠶᠢᠷᠤᠪ ᠤᠨ ᠲᠣᠬᠤᠢ ᠲᠣᠭᠤᠷᠢᠭ ᠡᠬᠢ ᠪᠠᠶᠠᠯᠢᠭ ᠢ ᠰᠢᠯᠢᠳᠡᠭᠵᠢᠭᠦᠯᠬᠦ᠂ ᠳᠦᠷᠢᠮ ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠪᠡᠳᠴᠢᠨ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠪᠠ᠃ ᠡᠮ ᠤᠨ ᠵᠤᠶᠢᠯ ᠤᠨ ᠦᠨᠡᠲᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠠᠶᠢᠷᠤᠪ ᠤᠨ ᠲᠣᠬᠤᠢ ᠲᠣᠭᠤᠷᠢᠭ ᠡᠮ ᠤᠨ ᠵᠤᠶᠢᠯ ᠤᠨ ᠨᠡᠮᠡᠯᠲᠡ ᠶᠢ ᠬᠦᠴᠦᠨ ᠥᠬᠡᠶ ᠪᠣᠯᠭᠠᠵᠤ᠂ 2318 ᠲᠦᠮᠡᠨ ᠲᠥᠭᠦᠷᠢᠭ ᠤᠨ ᠣᠷᠣᠯᠭ᠎ᠠ ᠶᠢ ᠪᠠᠭᠠᠰᠬᠠᠵᠤ᠂ ᠡᠪᠡᠳᠴᠢᠲᠡᠨ ᠳᠤ ᠪᠦᠬᠦᠨ ᠢ ᠠᠰᠢᠭ ᠬᠦᠷᠲᠡᠭᠡᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠵᠤᠶᠢᠯ ᠤᠨ ᠣᠷᠣᠯᠭ᠎ᠠ ᠵᠢᠨ‌ᠡᠵᠡᠯᠡᠬᠦ ᠬᠠᠷᠢᠴᠠᠯ ᠢ ᠥᠭᠡᠷᠡᠴᠢᠯᠡᠯᠲᠡ ᠠᠴᠠ ᠡᠮᠦᠨᠡᠬᠢ 59 % ᠪᠠᠶᠢᠭᠰᠠᠨ ᠠᠴᠠ 36.2 % ᠪᠣᠯᠲᠠᠯ᠎ᠠ ᠪᠠᠭᠤᠷᠠᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠡᠮ ᠤᠨ ᠵᠠᠷᠤᠳᠠᠯ ᠤᠨ ᠵᠠᠷᠤᠯᠭ᠎ᠠ‌‍ᠶᠢ ᠦᠷᠭᠦᠯᠵᠢᠯᠡᠨ ᠪᠠᠭᠠᠰᠬᠠᠨ᠎ᠠ᠃      ᠡᠭᠦᠨ ᠤ ᠳᠤ ᠬᠠᠮᠲᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠲᠡᠩᠴᠡᠭᠦᠷᠢ ᠦᠭᠡᠢ᠂ ᠠᠰᠢᠭᠯᠠᠯᠲᠠ ᠭᠦᠢᠴᠠᠤᠡ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠶᠢᠷᠤᠪ ᠤᠨ ᠲᠣᠬᠤᠢ ᠲᠣᠭᠤᠷᠢᠭ ᠬᠠᠩᠭᠠᠯᠭ᠎ᠠ ᠬᠡᠷᠡᠭᠴᠡᠭᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠡᠰ ᠬᠤᠪᠢᠶᠠᠨ ᠣᠨᠣᠰᠢᠯᠠᠨ ᠡᠮᠨᠡᠬᠦ ᠪᠠᠷ ᠭᠤᠤᠯ ᠰᠢᠵᠢᠮ ᠪᠣᠯᠭᠠᠵᠤ᠂ ᠲᠡᠰ ᠬᠤᠪᠢᠶᠠᠨ ᠣᠨᠣᠰᠢᠯᠠᠨ ᠡᠮᠨᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠣᠨ ᠪᠦᠰᠡ ᠶᠢᠨ ᠡᠮ ᠡᠮᠨᠡᠯᠭᠡ᠂ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠡᠯ᠎ᠡ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠡᠮ ᠡᠮᠨᠡᠯᠭᠡ ᠶᠢᠨ ᠡᠬᠢ ᠪᠠᠶᠠᠯᠢᠭ ᠢ ᠠᠬᠢᠭᠤᠯᠵᠤ᠂ ᠣᠯᠠᠨ ᠲᠦᠮᠡᠨ ᠳᠤ ᠤᠶᠢᠷ᠎ᠠ ᠬᠠᠪᠢ ᠳᠠᠭᠠᠨ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮ ᠡᠮᠨᠡᠯᠭᠡ ᠶᠢᠨ ᠤᠶᠢᠯᠡᠴᠢᠯᠡᠭᠡ ᠶᠢ ᠡᠳ᠋ᠯᠡᠭᠦᠯᠪᠡ᠃      ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠶᠠᠪᠤᠳᠠᠯ ᠤᠨ ᠰᠠᠯᠠᠭᠠᠨ ᠤ ᠡᠷᠬᠢᠯᠡᠭᠴᠢ ᠸᠠᠩ ᠰᠢᠨ ᠬᠠᠨ ᠲᠠᠨᠢᠯᠴᠠᠭᠤᠯᠬᠤ ᠳᠠᠭᠠᠨ᠂ ᠡᠮᠴᠢᠯᠡᠭᠡᠨ ᠤ ᠬᠠᠮᠲᠤ ᠶᠢᠨ ᠴᠣᠭᠴᠠ ᠨᠢ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠠᠷ ᠡᠮᠴᠢᠯᠡᠭᠡᠨ ᠤ ᠲᠥᠪ ᠪᠣᠯᠭᠠᠵᠤ᠂ ᠤᠶᠢᠯᠡᠴᠢᠯᠡᠭᠡ ᠶᠢ ᠤᠷᠲᠤᠳᠬᠠᠬᠤ ᠶᠢ ᠪᠡᠶᠡᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠮᠡᠷᠭᠡᠵᠢᠯ ᠤᠨ ᠲᠠᠲᠠᠭᠠᠯ ᠢ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠤ᠂ ᠭᠡᠷ ᠪᠦᠯᠢ ᠶᠢᠨ ᠭᠡᠷᠡᠲᠦ ᠤᠶᠢᠯᠡᠴᠢᠯᠡᠭᠡᠨ ᠤ 25 ᠪᠦᠯᠬᠦᠮ ᠢ ᠵᠣᠬᠢᠶᠠᠨ ᠪᠠᠶᠢᠭᠤᠯᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠰᠢᠰᠲ᠋ᠧᠮ ᠲᠠᠢ ᠡᠮ ᠡᠮᠨᠡᠯᠭᠡ ᠶᠢᠨ ᠤᠶᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠣᠷᠣᠨ ᠪᠦᠰᠡ ᠶᠢᠨ ᠪᠠᠶᠢᠴᠠᠭᠠᠯᠲᠠ ᠶᠢᠨ ᠬᠠᠮᠲᠤᠷᠠᠨ ᠣᠨᠣᠰᠢᠯᠠᠬᠤ ᠲᠥᠪ ᠢ ᠪᠠᠶᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠪᠠᠶᠢᠴᠠᠭᠠᠯᠲᠠ ᠶᠢᠨ ᠬᠠᠷᠢᠯᠴᠠᠨ ᠮᠡᠳᠡᠷᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠮᠢᠶᠠᠷᠤᠯᠲᠠ ᠶᠢᠨ ᠬᠠᠮᠲᠤ ᠶᠢᠨ ᠴᠣᠭᠴᠠ᠂ ᠤᠶᠢᠯᠡᠴᠢᠯᠡᠭᠡᠨ ᠤ ᠬᠠᠮᠲᠤ ᠶᠢᠨ ᠴᠣᠭᠴᠠ᠂ ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ ᠪᠣᠯᠤᠨ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠠᠯᠬᠤᠮ ᠠᠯᠬᠤᠮ ᠢᠶᠠᠷ ᠪᠠᠶᠢᠭᠤᠯᠪᠠ᠃      ᠣᠳᠣᠬᠠᠨ ᠳᠤ᠂ ᠬᠠᠶᠢᠷᠤᠪ ᠤᠨ ᠲᠣᠬᠤᠢ ᠲᠣᠭᠤᠷᠢᠭ ᠪᠠᠰᠠ ᠡᠯ᠎ᠡ ᠵᠤᠶᠢᠯ ᠤᠨ ᠲᠥᠷᠦ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠶᠢᠨ ᠠᠰᠢᠭ ᠣᠯᠵᠠᠪᠤᠷᠢ ᠶᠢ ᠪᠠᠭᠤᠷᠠᠭᠤᠯᠵᠤ ᠠᠯᠳᠠᠭᠳᠠᠯ ᠢ ᠨᠥᠬᠦᠪᠥᠷᠢᠯᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠰᠢᠭ ᠲᠤᠰᠠ ᠶᠢ ᠬᠥᠭᠡᠭᠡᠴᠡᠯᠳᠦᠵᠦ ᠠᠰᠢᠭ ᠣᠯᠵᠠᠪᠤᠷᠢ ᠣᠯᠬᠤ ᠲᠣᠭᠲᠠᠴᠠ ᠶᠢ ᠡᠪᠳᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠦᠨᠡᠲᠡᠶ᠂ ᠡᠪᠡᠳᠴᠢᠨ ᠦᠵᠡᠭᠦᠯᠬᠦ ᠳᠤ ᠬᠦᠴᠢᠷ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠠᠷᠠᠳ ᠣᠯᠠᠨ ᠳᠤ ᠨᠠᠩ ᠰᠠᠶᠢᠨ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号