ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-12
     10 ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ‍ᠤᠨ‌ᠬᠤᠶᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃
     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ  ᠦᠶ᠎ᠡ ᠶᠢᠨ ᠭᠤᠤᠯ ᠰᠡᠳᠦᠪᠲᠦ ᠰᠤᠷᠭᠠᠨ ᠬᠥᠮᠦᠵᠢᠯ ᠤᠨ ᠴᠢᠬᠤᠯᠠ ᠶᠠᠷᠢᠶ᠎ᠠ᠂ ᠲᠥᠪ ᠤᠨ ᠭᠤᠤᠯ ᠰᠡᠳᠦᠪᠲᠦ ᠰᠤᠷᠭᠠᠨ ᠬᠥᠮᠦᠵᠢᠯ ᠢ ᠠᠬᠢᠭᠤᠯᠬᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠰᠤᠷᠭᠠᠨ ᠬᠥᠮᠦᠵᠢᠯ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 9 ᠰᠠᠷ᠎ᠠ ᠶᠢᠨ 28᠎ ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠰᠤᠷᠭᠠᠨ ᠬᠥᠮᠦᠵᠢᠯ ᠤᠨ ᠵᠢᠷᠭᠤᠳᠤᠭᠠᠷ ᠤᠳᠠᠭ᠎ᠠ ᠶᠢᠨ ᠵᠢᠯᠣᠭᠤᠳᠬᠤ ᠲᠤᠭᠤᠶᠢᠯᠠᠩ ᠸᠧᠶ ᠭᠦᠸᠧ ᠴᠢᠩ ᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠥᠪᠯᠡᠷᠡᠭᠦᠯᠦᠭᠰᠡᠨ ᠬᠤᠷᠠᠯ ᠳᠤ ᠰᠤᠯᠠ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠰᠤᠷᠭᠠᠨ ᠬᠥᠮᠦᠵᠢᠯ ‍ᠤᠨ‌ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭ᠎ᠠ ᠵᠢᠨ‌ᠬᠤᠷᠠᠯ ᠤᠨ ᠵᠣᠷᠢᠭ ᠰᠠᠨᠠᠭ᠎ᠠ ᠶᠢ ᠲᠠᠮᠵᠢᠭᠤᠯᠤᠨ ᠰᠤᠷᠤᠯᠴᠠᠪᠠ᠃ ᠡᠯ᠎ᠡ ᠵᠢᠯᠣᠭᠤᠳᠬᠤ ᠳᠤᠭᠤᠶᠢᠯᠠᠩ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠤᠭᠤᠶᠢᠯᠠᠩ ᠪᠠ 12 ᠦᠨᠳᠦᠰᠦᠨ ᠱᠠᠲᠤᠨ ᠤ ᠨᠠᠮ ᠤᠨ ᠠᠵᠢᠯᠯᠠᠬᠤ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠥᠷᠨᠢᠯᠲᠡ ᠶᠢ ᠰᠣᠨᠣᠰᠪᠠ᠃ ︽︿ᠠᠷᠠᠳ ᠢᠷᠭᠡᠳ ᠤᠨ ᠵᠣᠪᠠᠨᠢᠯ ᠤᠨ ᠨᠢᠭᠤᠷᠲᠠᠬᠤ︾᠎ ᠤᠨ ᠬᠡᠷᠡᠭᠵᠢᠭᠦᠯᠬᠦ ᠲᠥᠰᠦᠯ︾᠂ ︽ᠰᠤᠷᠤᠯᠴᠠᠯᠭ᠎ᠠ ᠬᠥᠮᠦᠵᠢᠯ ᠢ ᠴᠢᠨᠠᠭᠰᠢᠳᠠ ᠴᠢᠩᠭᠠᠳᠬᠠᠬᠤ ᠲᠤᠬᠠᠶ ᠮᠡᠳᠡᠭᠳᠡᠯ 》᠂ ︽ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠠᠷᠢᠯᠴᠠᠬᠤ ᠴᠡᠭ‌ᠢ ᠪᠠᠶᠢᠭᠤᠯᠬᠤ ᠲᠤᠬᠠᠶ ᠮᠡᠳᠡᠭᠳᠡᠯ︾ ᠪᠣᠯᠤᠨ ︽ᠲᠤᠭᠤᠷᠢᠭ ‍ᠤᠨ‌ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ  ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯ ᠶᠢᠨ ᠲᠥᠰᠦᠯ︾᠎ ᠢ ᠬᠢᠨᠠᠨ ᠵᠥᠪᠯᠡᠵᠦ ᠪᠠᠲᠤᠯᠠᠪᠠ᠃
     ᠬᠤᠷᠠᠯ ᠠᠴᠠ᠂ ᠪᠦᠬᠦ ᠲᠣᠭᠤᠷᠢᠭ ᠳᠠᠶᠠᠭᠠᠷ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠨᠡᠪᠲᠡᠷᠡᠲᠡᠯ᠎ᠡ ᠣᠶᠢᠯᠠᠭᠠᠵᠤ᠂ ᠴᠢᠭᠯᠡᠯ ᠢᠶᠠᠨ ᠣᠨᠣᠪᠴᠢᠲᠠᠶ ᠡᠵᠡᠮᠳᠡᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠶ︔ ᠴᠢᠩᠭ᠎ᠠ ᠠᠳᠬᠤᠵᠤ᠂ ᠦᠨᠡᠨ ᠪᠣᠳᠠᠲᠠᠶ ᠬᠦᠴᠦᠯᠡᠵᠦ᠂ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠶ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠥᠷᠪᠡᠨ ᠵᠤᠶᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠥᠨᠳᠥᠷ ᠪᠠᠷᠢᠮᠵᠢᠶ᠎ᠠ ᠴᠢᠨᠠᠷ ᠰᠠᠶᠢᠲᠠᠶ ᠠᠷᠭ᠎ᠠ ᠰᠦᠪᠡᠭᠴᠢᠯᠡᠵᠦ ᠪᠠᠶᠢᠭᠠᠤᠡ ᠳᠠᠷᠠᠭᠠᠴᠢ ᠶᠢᠨ ᠠᠯᠬᠤᠮ ᠤᠨ ᠠᠵᠢᠯ ᠢᠶᠠᠨ ᠠᠬᠢᠭᠤᠯᠬᠤ ᠬᠡᠷᠡᠭᠲᠡᠶ᠃ ᠱᠠᠲᠤ ᠱᠠᠲᠤ ᠪᠠᠷ ᠬᠠᠷᠢᠭᠤᠴᠠᠵᠤ᠂ ᠳᠡᠭᠡᠳᠤ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠡᠨᠡ ᠵᠢᠯ ᠤᠨ ᠬᠠᠶᠢᠷᠤᠪ ᠤᠨ ᠲᠣᠬᠤᠢ ᠲᠤᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠯᠦᠭᠡ ᠤᠶᠠᠯᠳᠤᠭᠤᠯᠵᠤ᠂ ᠢᠷᠡᠬᠦ ᠵᠢᠯ ᠤᠨ ᠡᠯ᠎ᠡ ᠵᠤᠶᠢᠯ ᠤᠨ ᠠᠵᠢᠯ ᠢ ᠨᠢᠭᠡᠳᠦᠯᠲᠡᠶ ᠳᠤ ᠲᠥᠯᠥᠪᠵᠢᠭᠦᠯᠦᠨ ᠰᠠᠶᠢᠲᠤᠷ ᠲᠥᠯᠥᠪᠵᠢᠭᠦᠯᠬᠦ ᠯᠦᠭᠡ ᠤᠶᠠᠯᠳᠤᠭᠤᠯᠵᠤ᠂ ᠬᠤᠶᠠᠷ ᠲᠠᠯ᠎ᠠ ᠪᠠᠷ ᠠᠬᠢᠭᠤᠯᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠳᠡᠯᠦᠨ ᠵᠢᠯᠣᠭᠤᠳᠴᠤ ᠪᠠᠶᠢᠭᠠᠤᠡ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠠᠴᠠ ᠪᠠᠨ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠬᠠᠶᠢᠷᠤᠪ ᠤᠨ ᠲᠣᠬᠤᠢ ᠲᠤᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠨᠡᠶᠢᠭᠡᠮ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号