ᠬᠠᠶᠢᠷᠤᠪ ᠤᠨ ᠲᠣᠬᠤᠢ ᠲᠣᠭᠤᠷᠢᠭ ᠤᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠲᠤᠬᠠᠶ ᠶᠠᠷᠢᠯᠴᠠᠬᠤ ᠬᠤᠷᠠᠯ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2019-10-14
     2020 ᠤᠨ ᠤ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠳᠠᠪᠲᠠᠯᠭ᠎ᠠ ᠰᠢᠯᠭᠠᠯᠲᠠ ᠶᠢᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠳᠤᠮᠳᠠ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠶᠢᠨ ᠪᠡᠯᠡᠳᠬᠡᠯ ᠤᠨ ᠠᠵᠢᠯ ᠤᠨ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠬᠠᠶᠢᠨ ᠰᠦᠪᠡᠭᠴᠢᠯᠡᠵᠦ᠂ ᠬᠠᠶᠢᠷᠤᠪ ᠤᠨ ᠲᠣᠬᠤᠢ ᠲᠤᠭᠤᠷᠢᠭ ᠤᠨ ᠵᠢᠭᠠᠨ ᠰᠤᠷᠭᠠᠬᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠤᠨ ᠲᠤᠬᠠᠶ ᠶᠠᠷᠢᠯᠴᠠᠬᠤ ᠬᠤᠷᠠᠯ ᠬᠢᠵᠦ ᠰᠤᠳᠤᠯᠤᠨ ᠶᠠᠷᠢᠯᠴᠠᠪᠠ᠃ ᠪᠦᠬᠦ ᠲᠤᠭᠤᠷᠢᠭ ᠤᠨ 6 ᠰᠤᠷᠭᠠᠭᠤᠯᠢ ᠶᠢᠨ ᠵᠠᠬᠢᠷᠤᠯ᠂ ᠵᠢᠭᠠᠨ ᠰᠤᠷᠭᠠᠯᠲᠠ ᠶᠢᠨ ᠳᠡᠳ᠋ ᠰᠤᠷᠭᠠᠭᠤᠯᠢ ᠶᠢᠨ ᠵᠠᠬᠢᠷᠤᠯ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠳᠡᠳ᠋ ᠲᠣᠪᠴᠢᠶᠠᠨ ᠳᠠᠷᠤᠭ᠎ᠠ 2019 ᠤᠨ ᠤ ᠡᠯ᠎ᠡ ᠰᠤᠷᠭᠠᠭᠤᠯᠢ ᠶᠢᠨ ᠬᠠᠮᠢᠶ᠎ᠠ ᠪᠦᠬᠦᠢ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠨᠠᠷᠢᠨ ᠨᠢᠮᠪᠠᠶ ᠵᠠᠳᠠᠯᠤᠨ ᠰᠢᠨᠵᠢᠯᠡᠵᠦ᠂ ᠲᠤᠭ᠎ᠠ ᠪᠠᠷᠢᠮᠲᠠ ᠳᠤ ᠡᠯ᠎ᠡ ᠰᠤᠷᠭᠠᠭᠤᠯᠢ ᠳᠤ ᠣᠷᠣᠰᠢᠵᠤ ᠪᠠᠶᠢᠭ᠎ᠠ ︽ᠳᠤᠲᠠᠭᠤᠳᠠᠯ︾᠎ ᠢ ᠲᠤᠰᠬᠠᠵᠤ᠂ ᠡᠯ᠎ᠡ ᠰᠤᠷᠭᠠᠭᠤᠯᠢ ᠬᠤᠶᠠᠷ ᠲᠠᠯ᠎ᠠ ᠶᠢ ᠠᠳᠬᠤᠨ ᠳᠤᠮᠳᠠ ᠶᠢ ᠠᠬᠢᠭᠤᠯᠵᠤ᠂ ᠪᠥᠬᠦ ᠲᠠᠯ᠎ᠠ ᠳᠤ ᠬᠠᠨᠳᠤᠭᠤᠯᠤᠨ᠂ ᠳᠡᠰ ᠬᠤᠪᠢᠶᠠᠨ ᠵᠢᠭᠠᠨ ᠰᠤᠷᠭᠠᠵᠤ᠂ ᠵᠢᠭᠠᠨ ᠰᠤᠷᠭᠠᠯᠲᠠ ᠶᠢᠨ ᠵᠤᠷᠰᠢᠯ ᠢᠶᠠᠷ ᠭᠠᠷᠲᠠᠨ ᠪᠣᠯᠭᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠡᠯ᠎ᠡ ᠰᠤᠷᠭᠠᠭᠤᠯᠢ ᠶᠢᠨ ᠵᠠᠬᠢᠷᠤᠯ᠂ ᠵᠢᠭᠠᠨ ᠰᠤᠷᠭᠠᠯᠲᠠ ᠶᠢᠨ ᠳᠡᠳ᠋ ᠰᠤᠷᠭᠠᠭᠤᠯᠢ ᠶᠢᠨ ᠵᠠᠬᠢᠷᠤᠯ ᠨᠢ ᠳᠡᠭᠡᠷ᠎ᠡ ᠬᠤᠭᠤᠴᠠᠭᠠᠨ ᠤ ᠠᠵᠢᠯ ᠢᠶᠠᠨ ᠡᠮᠬᠢᠯᠡᠨ ᠳ᠋ᠦᠩᠨᠡᠵᠦ᠂ ᠲᠤᠰ ᠬᠤᠭᠤᠴᠠᠭᠠᠨ ᠤ ᠲᠡᠭᠦᠰᠬᠦ ᠠᠩᠭᠢ ᠶᠢᠨ ᠪᠣᠳᠠᠲᠠᠶ ᠪᠠᠶᠢᠳᠠᠯ ᠳᠤ ᠴᠢᠭᠯᠡᠭᠦᠯᠦᠨ ᠰᠤᠷᠤᠭᠴᠢ᠂ ᠠᠩᠭᠢ᠂ ᠪᠠᠭᠰᠢ ᠵᠡᠷᠭᠡ ᠭᠤᠷᠪᠠᠨ ᠲᠠᠯ᠎ᠠ ᠠᠴᠠ ᠨᠠᠷᠢᠨ ᠨᠢᠭᠲᠠ᠂ ᠪᠦᠬᠦ ᠲᠠᠯ᠎ᠠ ᠶᠢᠨ᠂ ᠪᠤᠰᠤᠳᠴᠢ ᠵᠠᠳᠠᠯᠤᠯᠲᠠ ᠬᠢᠵᠦ᠂ ᠳᠠᠷᠠᠭ᠎ᠠ ᠠᠯᠬᠤᠮ ᠤᠨ ᠲᠤᠮᠲᠠ ᠵᠡᠷᠭᠡ ᠶᠢᠨ ᠰᠤᠷᠭᠠᠭᠤᠯᠢ  ᠶᠢᠨ ᠰᠢᠯᠭᠠᠯᠲᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠰᠢᠨ᠎ᠡ ᠲᠥᠯᠥᠪᠯᠡᠭᠡ ᠲᠣᠭᠲᠠᠭᠠᠵᠠᠶ᠃      ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠢᠩ ᠵᠧᠨ ᠬᠤᠩ ᠲᠣᠪᠴᠢᠶᠠᠨ ᠳᠠᠷᠤᠭ᠎ᠠ ᠪᠦᠬᠦ ᠲᠤᠭᠤᠷᠢᠭ ᠤᠨ ᠡᠯ᠎ᠡ ᠳᠤᠮᠳᠠᠳᠤ ᠰᠤᠷᠭᠠᠭᠤᠯᠢ ᠶᠢᠨ ᠬᠢᠨ ᠢ ᠦᠵᠡᠯ ᠰᠠᠨᠠᠭ᠎ᠠ ᠪᠠᠨ ᠨᠢᠭᠡᠳᠬᠡᠵᠦ᠂ ᠪᠦᠬᠦᠯᠢ ᠴᠣᠭᠴᠠ ᠪᠠᠷ ᠲᠥᠯᠥᠪᠵᠢᠭᠦᠯᠦᠨ᠂ ᠴᠢᠯᠥᠭᠡᠲᠡᠶ ᠰᠤᠷᠭᠠᠭᠤᠯᠢ ᠡᠷᠬᠢᠯᠡᠵᠦ᠂ ᠬᠠᠮᠲᠤᠷᠠᠨ ᠠᠵᠢᠯᠯᠠᠵᠤ ᠬᠠᠷᠢᠯᠴᠠᠨ ᠰᠣᠯᠢᠯᠴᠠᠵᠤ᠂ ᠪᠠᠶᠢᠬᠤ ᠪᠠ ᠦᠭᠡᠢ ᠪᠠᠨ ᠬᠠᠷᠢᠯᠴᠠᠨ ᠰᠣᠯᠢᠯᠴᠠᠵᠤ᠂ ᠬᠠᠷᠢᠯᠴᠠᠨ ᠲᠣᠯᠢ ᠪᠣᠯᠭᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠵᠤ᠂ ᠲᠡᠭᠦᠰᠬᠦ ᠠᠩᠭᠢ ᠶᠢᠨ ᠠᠵᠢᠯ ᠤᠨ ᠪᠣᠳᠠᠲᠠᠶ ᠬᠠᠷᠠᠯᠲᠠ ᠶᠢ ᠲᠣᠳᠣᠷᠬᠠᠶᠢᠯᠠᠵᠤ᠂ ᠲᠠᠷᠠᠭᠠᠴᠢ ᠶᠢᠨ ᠱᠠᠲᠤᠨ ᠤ ᠬᠠᠨᠳᠤᠯᠭᠠᠲᠤ ᠴᠢᠨᠠᠷᠲᠠᠶ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃ ᠵᠢᠭᠠᠨ ᠰᠤᠷᠭᠠᠬᠤ ᠡᠬᠢ ᠪᠠᠶᠠᠯᠢᠭ ᠢ ᠴᠢᠷᠮᠠᠶᠢᠨ ᠨᠡᠭᠡᠭᠡᠨ ᠬᠥᠭᠵᠢᠭᠦᠯᠵᠦ᠂ ᠰᠤᠷᠤᠭᠴᠢᠳ ᠲᠤ ᠬᠠᠮᠤᠭ ᠤᠨ ᠶᠡᠭᠡ ᠬᠡᠮᠵᠢᠶ᠎ᠡ ᠪᠠᠷ ᠤᠶᠢᠯᠡᠴᠢᠯᠡᠨ᠂ ᠰᠤᠷᠤᠭᠴᠢᠳ ᠤᠨ ᠰᠤᠷᠤᠯᠴᠠᠬᠤ ᠤᠷᠮ᠎ᠠ ᠵᠣᠷᠢᠭ ᠢ ᠬᠥᠭᠵᠢᠭᠡᠵᠦ᠂ ᠰᠤᠷᠭᠠᠨ ᠬᠥᠮᠦᠵᠢᠯ ᠤᠨ ᠨᠠᠷᠢᠨ ᠵᠤᠶᠢᠯᠡᠰ ᠢ ᠴᠢᠬᠤᠯᠠᠴᠢᠯᠠᠨ᠂ ᠡᠯ᠎ᠡ ᠲᠠᠯ᠎ᠠ ᠶᠢᠨ ᠵᠣᠬᠢᠴᠠᠭᠤᠯᠬᠤ ᠠᠵᠢᠯ ᠢ ᠰᠠᠶᠢᠲᠤᠷ ᠬᠢᠬᠦ ᠶᠢ ᠴᠢᠬᠤᠯᠠᠴᠢᠯᠠᠵᠤ᠂ ᠲᠡᠳᠡᠨ ᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠶ᠃ ᠲᠣᠪᠴᠢᠶᠠᠨ ᠳᠠᠷᠤᠭ᠎ᠠ ᠪᠠᠰᠠ ᠡᠯ᠎ᠡ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠰᠤᠷᠤᠭᠴᠢ ᠪᠣᠯᠤᠨ ᠰᠤᠷᠤᠭᠴᠢ ᠶᠢᠨ ᠭᠡᠷ ᠤᠨ ᠠᠬᠠᠮᠠᠳ ᠲᠠᠢ ᠢᠳᠡᠪᠬᠢᠲᠡᠢ ᠣᠶᠢᠯᠠᠭᠠᠯᠴᠠᠵᠤ᠂ ᠰᠤᠷᠭᠠᠭᠤᠯᠢ᠂ ᠪᠠᠭᠰᠢ᠂ ᠭᠡᠷ ᠤᠨ ᠠᠬᠠᠮᠠᠳ ᠠᠴᠠ ᠰᠤᠷᠭᠠᠨ ᠬᠥᠮᠦᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ 2020 ᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠢᠨ᠎ᠡ ᠦᠨᠳᠦᠷᠴᠡ ᠶᠢ ᠳᠠᠬᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号