ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-14
     2019 ᠤᠨ ᠤ 10 ᠳ᠋ᠤᠭᠠᠷ ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠶᠢᠰᠤᠳᠤᠭᠠᠷ᠂ ᠠᠷᠪᠠᠳᠤᠭᠠᠷ ᠤᠳᠠᠭ᠎ᠠ ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢᠨ ᠲᠥᠰᠦᠯ ᠢ ᠰᠤᠳᠤᠯᠤᠨ ᠬᠢᠨᠠᠨ‌ᠵᠥ᠋ᠪᠯᠡᠵᠦ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠨᠤᠲᠤᠭ ᠤᠨ ᠨᠠᠮ ᠤᠨ ᠬᠤᠷᠢᠶᠠᠨ ᠤ ᠱᠦᠵᠢ᠂ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠵᠢᠶᠠ ᠴᠢᠩ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ‍ᠤᠨ‌‍ᠶ᠋ᠢᠰᠤᠳᠤᠭᠠᠷ ᠬᠤᠷᠠᠯ᠂ ᠠᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠤᠭ ᠰᠠᠨᠠᠭ᠎ᠠ ᠪᠠᠨ ᠪᠠᠷᠢᠮᠲᠠᠯᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢᠨ ᠬᠤᠭᠤᠷᠣᠨᠳᠣᠬᠢ ᠳᠣᠲᠣᠭᠠᠳᠤ ᠬᠠᠷᠢᠯᠴᠠᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠᠨ ᠨᠠᠢᠮᠠᠳᠤᠭᠠᠷ᠃ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠡᠳ ᠣᠯᠤᠭᠰᠠᠨ ᠯᠤᠲᠤ ᠶᠡᠭᠡ ᠠᠮᠵᠢᠯᠲᠠ ᠶᠢ ᠰᠢᠰᠲ᠋ᠧᠮ ᠲᠠᠢ ᠳ᠋ᠦᠩᠨᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠦᠴᠦᠯᠡᠬᠦ ᠴᠢᠭᠯᠡᠯ ᠢ ᠲᠣᠳᠣᠷᠬᠠᠶ ᠵᠢᠭᠠᠨ ᠭᠠᠷᠭᠠᠵᠤ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠪᠠᠶᠠᠯᠢᠭ ᠪᠠᠶᠢᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠥᠪ ᠴᠢᠭᠯᠡᠯ ᠢ ᠡᠵᠡᠮᠳᠡᠵᠦ᠂ ᠵᠣᠬᠢᠴᠠᠭᠤᠯᠤᠨ ᠠᠬᠢᠭᠤᠯᠬᠤ ᠶᠢ ᠴᠢᠬᠤᠯᠠᠴᠢᠯᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠡᠷᠬᠡ ᠰᠡᠳᠦᠪ ᠢ ᠰᠢᠢᠤᠡᠪᠤᠷᠢᠯᠡᠨ᠂ ᠪᠠᠶᠢᠭᠤᠯᠤᠯ ᠤᠨ ᠴᠢᠨᠠᠷᠲᠠᠶ ᠬᠠᠷᠰᠢ ᠰᠠᠭᠠᠳ᠂ ᠲᠣᠭᠲᠠᠴᠠ ᠶᠢᠨ ᠴᠢᠨᠠᠷᠲᠠᠶ ᠲᠦᠭᠵᠢᠷᠡᠯ᠂ ᠲᠥᠷᠦ ᠶᠢᠨ ᠪᠣᠳᠣᠯᠭ᠎ᠠ ᠶᠢᠨ ᠴᠢᠨᠠᠷᠲᠠᠶ ᠰᠢᠨ᠎ᠡ ᠶᠢ ᠡᠭᠦᠳᠬᠦ ᠲᠠᠯ᠎ᠠ ᠪᠠᠷ ᠣᠯᠤᠭᠰᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ ᠬᠠᠮᠵᠢᠯᠴᠠᠬᠤ ᠴᠢᠨᠠᠷ ᠢ ᠦᠨᠡᠨ ᠬᠦ ᠴᠢᠩᠭᠠᠳᠬᠠᠨ᠂ ᠡᠯ᠎ᠡ ᠵᠤᠶᠢᠯ ᠤᠨ ᠥᠭᠡᠷᠡᠴᠢᠯᠡᠯᠲᠡ ᠳᠤ ︽ᠬᠢᠮᠢ ᠶᠢᠨ ᠤᠷᠪᠠᠯ︾ ᠭᠠᠷᠬᠤ ᠶᠢ ᠠᠬᠢᠭᠤᠯᠵᠤ᠂ ᠡᠯ᠎ᠡ ᠲᠠᠯ᠎ᠠ ᠶᠢᠨ ᠳᠦᠷᠢᠮ ᠤᠨ ᠨᠠᠩ ᠪᠣᠯᠪᠠᠰᠤᠷᠠᠩᠭᠤᠶ ᠨᠠᠩ ᠴᠢᠩᠭ᠎ᠠ ᠪᠣᠯᠬᠤ ᠶᠢ ᠲᠦᠯᠬᠢᠨ ᠠᠬᠢᠭᠤᠯᠵᠤ᠂ ᠡᠯ᠎ᠡ ᠵᠤᠶᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃      ᠬᠤᠷᠠᠯ ᠠᠴᠠ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠤᠰ ᠤᠨ ᠥᠮᠴᠢᠯᠡᠯ ‍ᠤᠨ‌ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ︾᠂ ︽ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠵᠦ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾᠂ ︽ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠵᠢᠯ ᠤᠨ ᠴᠠᠯᠢᠩ ᠤᠨ ᠳᠦᠷᠢᠮ ᠤᠨ ᠲᠦᠷ ᠬᠡᠷᠡᠭᠵᠢᠭᠦᠯᠬᠦ ᠠᠷᠭ᠎ᠠ︾ ᠪᠣᠯᠤᠨ ︽ᠬᠠᠶᠢᠷᠤᠪ ᠤᠨ ᠲᠣᠬᠤᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃
     ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠶᠢᠨ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠥᠰᠦᠯ ᠲᠣᠭᠲᠠᠭᠠᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ ᠶᠢᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠪᠠ ᠤᠶᠢᠯᠡᠴᠢᠯᠡᠭᠡᠨ ᠤ ᠪᠡᠯᠡᠳᠬᠡᠮᠵᠢ ᠶᠢᠨ ᠶᠠᠰᠤ ᠴᠢᠨᠠᠷ᠂ ᠵᠠᠰᠠᠭ ᠤᠨ ᠣᠷᠳᠣᠨ ᠤᠶᠢᠯᠡᠴᠢᠯᠡᠭᠡᠨ ᠬᠤᠳᠠᠯᠳᠤᠨ ᠠᠪᠴᠤ ᠲᠣᠭᠠᠴᠠᠭ᠎ᠠ ᠬᠢᠬᠦ᠂ ᠠᠳᠠᠯ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠪᠠᠷᠢᠮᠵᠢᠶᠠᠵᠢᠭᠤᠯᠬᠤ ᠵᠡᠷᠭᠡ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠡᠯ᠎ᠡ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ ᠡᠯ᠎ᠡ ᠨᠢᠭᠡᠴᠡ ᠶᠢᠨ ᠥᠭᠡᠷᠡᠴᠢᠯᠡᠯᠲᠡ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠤᠡᠪᠤᠷᠢᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ᠂ ᠡᠯ᠎ᠡ ᠲᠤᠰᠬᠠᠶ ᠲᠤᠭᠤᠶᠢᠯᠠᠩ ᠤᠨ ᠬᠢᠨ ᠠᠵᠢᠯ ᠶᠢᠨ ᠭᠤᠤᠯᠳᠠᠯᠭ᠎ᠠ ᠪᠠ ᠴᠢᠬᠤᠯᠠ ᠶᠡᠭᠡ ᠥᠭᠡᠷᠡᠴᠢᠯᠡᠯᠲᠡ ᠶᠢᠨ ᠵᠤᠶᠢᠯᠡᠰ ᠢ ᠴᠢᠩᠭ᠎ᠠ ᠠᠩᠬᠠᠷᠴᠤ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠵᠤ᠂ ᠲᠦᠷᠦᠭᠦᠯᠡᠨ ᠬᠢᠵᠦ ᠡᠨᠡ ᠵᠢᠯ ᠤᠨ ᠡᠯ᠎ᠡ ᠵᠤᠶᠢᠯ ᠤᠨ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号