ᠬᠠᠶᠢᠷᠤᠪ ᠤᠨ ᠲᠤᠬᠤᠢ ᠲᠤᠭᠤᠷᠢᠭ ᠤᠨ ᠢᠳᠡᠭᠡᠨ ᠤᠮᠳᠠᠭᠠᠨ ᠤ ᠠᠵᠢᠯ ᠲᠥᠷᠥᠯ ᠢ ᠶᠡᠷᠦᠩᠬᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2019-10-14
     ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠠᠭᠤᠷᠢ ᠶᠢ ᠪᠠᠬᠢᠵᠢᠭᠦᠯᠬᠦ᠂ ᠳᠤᠲᠠᠭᠤᠳᠠᠯ ᠢ ᠨᠥᠬᠦᠪᠥᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠵᠦ᠂ ᠢᠳᠡᠭᠡᠨ ᠤᠮᠳᠠᠭᠠᠨ ᠤ ᠠᠵᠢᠯ ᠲᠥᠷᠥᠯ ᠢ ᠶᠡᠷᠦᠩᠬᠡᠶᠢᠯᠡᠨ ᠵᠠᠰᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠶ᠃      ᠴᠡᠭ ᠣᠷᠣᠨ ᠢ ᠨᠡᠶᠢᠳᠡᠮ ᠪᠦᠷᠬᠦᠬᠦ ᠪᠠᠶᠢᠴᠠᠭᠠᠯᠲᠠ ᠶᠢ ᠥᠷᠨᠢᠭᠦᠯᠦᠨ᠎ᠡ᠃ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠴᠡᠭ ᠣᠯᠠᠨ ᠬᠡᠪᠴᠢᠶ᠎ᠡ ᠥᠷᠭᠡᠨ ᠪᠠᠶᠢᠭ᠎ᠠ ᠪᠠᠶᠢᠳᠠᠯ ᠲᠤ ᠴᠢᠭᠯᠡᠭᠦᠯᠦᠨ᠂ ᠬᠠᠶᠢᠷᠤᠪ ᠎ ᠤᠨ ᠲᠤᠬᠤᠢ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠣᠷᠣᠨ ᠪᠦᠰᠡ ᠶᠢᠨ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭ᠎ᠠ ᠡᠭᠦᠷᠭᠡᠯᠡᠭᠴᠢ᠂ ᠪᠠᠷᠢᠮᠵᠢᠶ᠎ᠠ ᠪᠠ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠭᠠᠷᠠᠭ ᠪᠦᠷᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ︽ᠨᠢᠭᠡ ᠭᠠᠷᠠᠭ ᠲᠤ ᠨᠢᠭᠡ ᠤᠳᠠᠭ᠎ᠠ ᠰᠢᠮᠳᠠᠭᠤᠯᠤᠨ ᠪᠠᠶᠢᠴᠠᠭᠠᠬᠤ︾᠂ ᠬᠤᠭᠤᠴᠠᠭᠠᠲᠤ ᠮᠡᠳᠡᠭᠡᠯᠡᠯ ‍ᠦᠨ‌ᠠᠵᠢᠯ ᠤᠨ ᠳᠦᠷᠢᠮ ᠢ ᠬᠡᠷᠡᠭᠵᠢᠭᠦᠯᠵᠦ᠂ ᠪᠦᠬᠦ ᠠᠵᠢᠯᠲᠠᠨ ᠣᠷᠣᠯᠴᠠᠭᠰᠠᠨ᠂ ᠬᠠᠮᠲᠤᠪᠠᠷ ᠲᠦᠯᠬᠢᠨ ᠠᠬᠢᠭᠤᠯᠤᠭᠰᠠᠨ ᠡᠷᠡᠭᠦᠯ ᠬᠠᠮᠠᠭᠠᠯᠠᠯ ᠤᠨ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠣᠳᠣᠬᠠᠨ ᠪᠣᠯᠲᠠᠯ᠎ᠠ᠂ ᠲᠣᠰ ᠲᠣᠪᠴᠢᠶ᠎ᠠ ᠢᠳᠡᠭᠡᠨ ᠤᠮᠳᠠᠭᠠᠨ ᠤ ᠨᠢᠭᠡᠴᠡ ᠶᠢ ᠨᠡᠶᠢᠲᠡ 6400 ᠡᠷᠦᠬᠡ ᠶᠢ  ᠪᠠᠶᠢᠴᠠᠭᠠᠵᠤ᠂ ᠠᠰᠠᠭᠤᠳᠠᠯ ᠲᠠᠢ ᠢᠳᠡᠭᠡᠨ ᠤᠮᠳᠠᠭᠠᠨ ᠤ ᠨᠢᠭᠡᠴᠡ ᠶᠢ 4650 ᠡᠷᠦᠬᠡ ᠤᠳᠠᠭ᠎ᠠ ᠣᠯᠵᠤ ᠮᠡᠳᠡᠭᠰᠡᠨ ᠪᠠ ᠴᠡᠭᠴᠡᠯᠡᠨ ᠥᠭᠡᠷᠡᠴᠢᠯᠡᠵᠡᠶ᠃      ᠵᠢᠵᠢᠭ ᠢᠳᠡᠭᠡᠨ ᠤᠮᠳᠠᠭᠠᠨ ᠤ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠬᠤ ᠪᠠᠷᠢᠮᠵᠢᠶ᠎ᠠ ᠶᠣᠰᠣᠭᠠᠷ᠂ ᠬᠠᠶᠢᠷᠤᠪ ᠤᠨ ᠲᠤᠬᠤᠢ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠵᠢᠷᠤᠮᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ᠂ ᠰᠠᠭᠤᠷᠢ ᠲᠥᠬᠦᠭᠡᠷᠦᠮᠵᠢ᠂ ᠤᠷᠴᠢᠨ ᠲᠤᠭᠤᠷᠢᠨ ᠤ ᠠᠷᠢᠭᠤᠨ ᠴᠡᠪᠡᠷ᠂ ᠵᠢᠷᠤᠮᠵᠢᠭᠰᠠᠨ ᠤᠶᠢᠯᠡᠴᠢᠯᠡᠭᠡ ᠵᠡᠷᠭᠡ 5 ᠲᠠᠯ᠎ᠠ ᠠᠴᠠ ᠭᠠᠷᠳᠠᠵᠤ᠂ ᠬᠡᠪᠰᠢᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠢᠳᠡᠭᠡᠨ ᠤᠮᠳᠠᠭᠠᠨ ᠤ ᠨᠢᠭᠡᠴᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠰᠤᠶᠢᠤᠡᠭᠡᠬᠦ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ‌‍ᠰᠢᠢᠤᠡᠪᠤᠷᠢᠯᠡᠨ᠎ᠡ᠃ ᠣᠳᠣᠬᠠᠨ ᠪᠣᠯᠲᠠᠯ᠎ᠠ᠂ ᠲᠣᠰ ᠲᠣᠪᠴᠢᠶ᠎ᠠ ᠢᠳᠡᠭᠡᠨ ᠤᠮᠳᠠᠭᠠᠨ ᠤ ᠨᠢᠭᠡᠴᠡ ᠶᠢ ᠨᠡᠶᠢᠲᠡ 219 ᠡᠷᠦᠬᠡ ᠲᠤ ᠠᠵᠢᠯ ᠵᠣᠭᠰᠣᠭᠠᠵᠤ ᠴᠡᠭᠴᠡᠯᠡᠨ ᠰᠠᠶᠢᠵᠢᠷᠠᠭᠤᠯᠵᠤ᠂ ᠢᠳᠡᠭᠡᠨ ᠤᠮᠳᠠᠭᠠᠨ ᠤ ᠨᠢᠭᠡᠴᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 37 ᠡᠷᠦᠬᠡ ᠶᠢ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠢᠤᠡᠪᠤᠷᠢᠯᠡᠵᠤ᠂ 127 ᠡᠷᠦᠬᠡ ᠶᠢ ᠲᠦᠭᠦᠮ ᠢᠶᠠᠷ ᠰᠤᠶᠢᠤᠡᠭᠡᠪᠡ᠃      ᠤᠬᠠᠭᠤᠯᠭ᠎ᠠ ᠪᠣᠯᠪᠠᠰᠤᠷᠠᠭᠤᠯᠤᠯ ᠥᠷᠨᠢᠭᠦᠯᠦᠨ᠎ᠡ᠃ ᠬᠠᠶᠢᠷᠤᠪ ᠤᠨ ᠲᠤᠬᠤᠢ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠨᠢᠭᠡᠴᠡ ᠳᠤ ᠵᠠᠷᠯᠠᠯ ᠨᠠᠭᠠᠵᠤ᠂ ᠪᠣᠯᠪᠠᠰᠤᠨ ᠬᠤᠭᠤᠯᠠᠨ ᠰᠢᠷᠡᠭᠡᠨ ᠳᠡᠭᠡᠷ᠎ᠡ ᠭᠠᠷ ᠤᠨ ᠦᠰᠦᠭ ᠵᠢᠷᠤᠵᠤ᠂ ᠡᠵᠡᠩᠨᠡᠯᠲᠡ ᠶᠢᠨ ᠡᠷᠦᠬᠡ ᠪᠠ ᠥᠷᠭᠡᠨ ᠣᠯᠠᠨ ᠬᠤᠲᠠ ᠶᠢᠨ ᠠᠷᠠᠳ ᠤᠨ ︽ᠬᠤᠤᠰ ᠬᠤᠲᠠ ᠬᠤᠯᠪᠣᠭᠠᠯᠠᠨ ᠡᠭᠦᠳᠬᠦ︾ ᠠᠵᠢᠯ ᠶᠢᠨ ᠲᠤᠬᠠᠶ ᠣᠶᠢᠯᠠᠭᠠᠬᠤ ᠨᠣᠷᠮ᠎ᠠ᠂ ᠲᠡᠮᠵᠢᠬᠦ ᠨᠣᠷᠮ᠎ᠠ ᠪᠠ ᠬᠠᠨᠤᠮᠵᠢᠲᠠᠶ ᠨᠣᠷᠮ᠎ᠠ ᠶᠢᠨ ᠦᠨᠡᠨ ᠬᠦ ᠳᠡᠭᠡᠭᠰᠢᠯᠡᠭᠦᠯᠪᠡ᠃ ᠢᠳᠡᠭᠡᠨ‌ᠤᠮᠳᠠᠭᠠᠨ ᠤ ᠨᠢᠭᠡᠴᠡ ᠳᠤ ᠣᠷᠣᠰᠢᠵᠤ ᠪᠠᠶᠢᠭ᠎ᠠ ᠳᠠᠯᠳᠠ ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠪᠣᠯᠪᠠᠰᠤᠷᠠᠭᠤᠯᠤᠯ ᠥᠷᠨᠢᠭᠦᠯᠬᠦ ᠶᠢᠨ ᠬᠠᠮᠲᠤ᠂ ᠢᠳᠡᠭᠡᠨ ᠤᠮᠳᠠᠭᠠᠨ ᠤ ᠨᠢᠭᠡᠴᠡ ᠶᠢᠨ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠬᠤ ᠠᠵᠢᠯ ᠤᠨ ᠪᠢᠴᠢᠯ ᠸᠢᠴᠠᠲ ᠤᠨ ᠪᠦᠯᠦᠭᠯᠡᠯ ᠢ ᠪᠠᠶᠢᠭᠤᠯᠵᠤ᠂ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠤᠨ ᠭᠦᠨᠴᠡ ᠪᠠ ᠦᠷᠭᠡᠴᠠ ᠢ ᠳᠡᠭᠡᠭᠰᠢᠯᠡᠭᠦᠯᠬᠦ ᠬᠡᠷᠡᠭᠲᠡᠶ᠃      ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠬᠦᠴᠦᠯᠡᠨ ᠪᠠᠳᠠᠷᠠᠭᠤᠯᠤᠨ᠎ᠠ᠃ ᠬᠠᠶᠢᠷᠤᠪ ᠤᠨ ᠲᠤᠬᠤᠢ ᠲᠤᠭᠤᠷᠢᠭ ᠤᠨ ᠬᠢᠨ ᠬᠤᠲᠠ ᠶᠢᠨ ᠨᠠᠮ ᠤᠨ ᠪᠠᠶᠢᠭᠤᠯᠤᠯᠲᠠ ᠪᠠᠷ ᠬᠤᠲᠠ ᠶᠢᠨ ᠵᠠᠰᠠᠯᠲᠠ ᠶᠢᠨ ᠲᠣᠭᠲᠠᠴᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠥᠳᠡᠯᠦᠨ ᠳᠠᠭᠠᠭᠤᠯᠬᠤ ᠠᠵᠢᠯ ᠢ ᠭᠦᠨᠵᠡᠭᠡᠶ ᠨᠠᠶᠢᠳᠠᠪᠤᠷᠢᠵᠢᠭᠤᠯᠬᠤ᠂ ᠲᠤᠷᠰᠢᠯᠲᠠ ᠵᠢᠨ‌ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠵᠣᠬᠢᠴᠠᠭᠤᠯᠤᠨ ᠵᠢᠯᠣᠭᠤᠳᠬᠤ ᠪᠠᠷ ᠭᠤᠤᠯ ᠪᠣᠯᠭᠠᠭᠰᠠᠨ ᠳᠠᠪᠬᠤᠷ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠡᠷᠡᠭᠵᠢᠭᠦᠯᠵᠦ᠂ ᠵᠡᠭᠡᠯᠢ ᠭᠤᠳᠤᠮᠵᠢ ᠶᠢᠨ ᠨᠢᠭᠡᠳᠦᠯᠲᠡᠶ ᠳᠤ ᠲᠥᠯᠥᠪᠵᠢᠭᠦᠯᠦᠨ ᠵᠣᠬᠢᠴᠠᠭᠤᠯᠬᠤ ᠪᠠ ᠣᠯᠠᠨ ᠲᠦᠮᠡᠨ ᠢ ᠳᠠᠶᠢᠴᠢᠯᠠᠬᠤ ᠪᠠᠷ ᠳᠠᠮᠵᠢᠭᠤᠯᠵᠤ᠂ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠦᠭᠰᠡᠨ ᠪᠠᠶᠢᠳᠠᠯ ᠢᠯᠠᠤᠨᠲᠠ ᠦᠷ᠎ᠡ ᠪᠦᠲᠤᠮᠵᠢ ᠤᠯᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号