ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠣᠷᠣᠨ ᠪᠦᠰᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠢᠨᠠᠨ ᠵᠢᠯᠣᠭᠤᠳᠴᠤ ᠦᠨᠡᠯᠡᠨ ᠵᠢᠱᠢᠵᠦ ᠰᠢᠨ᠎ᠡ ᠶᠢ ᠡᠭᠦᠳᠬᠦ︾ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-15
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠳᠣᠬᠠᠨ ᠤ ᠬᠠᠶᠢᠷᠤᠪ ᠤᠨ ᠲᠣᠬᠤᠢ ᠲᠤᠭᠤᠷᠢᠭ ᠤᠨ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠢᠢᠤᠡᠪᠤᠷᠢᠯᠡᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠤᠭᠤᠷᠢᠭ ᠎ ᠤᠨ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠭᠤᠤ ᠱᠣ᠋ ᠭᠦᠸᠧ ᠨᠡᠷ ᠢ ᠣᠨᠴᠠᠭᠠᠶᠢᠯᠠᠨ ᠤᠷᠢᠵᠤ᠂ ︽ᠣᠷᠣᠨ ᠪᠦᠰᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠢᠨᠠᠨ ᠵᠢᠯᠣᠭᠤᠳᠴᠤ ᠦᠨᠡᠯᠡᠨ ᠵᠢᠱᠢᠵᠦ ᠰᠢᠨ᠎ᠡ ᠶᠢ ᠡᠭᠦᠳᠬᠦ︾ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠠᠶᠢᠷᠤᠪ ᠤᠨ ᠲᠣᠬᠤᠢ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠡᠷᠬᠢᠯᠡᠭᠴᠢ ᠵᠢᠴᠢ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ ᠪᠠᠰᠠ ᠲᠣᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃      ᠬᠠᠶᠢᠷᠤᠪ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠣᠳᠣᠬᠢ ᠪᠠᠶᠢᠳᠠᠯ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠳᠤ ᠨᠠᠷᠢᠨ ᠲᠣᠳᠣᠷᠬᠠᠶ ᠲᠠᠨᠢᠯᠴᠠᠭᠤᠯᠭ᠎ᠠ ᠬᠢᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ ᠰᠤᠷᠭᠠᠭᠤᠯᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠰᠤᠷᠭᠠᠨ ᠬᠥᠮᠦᠵᠢᠯ ᠢ ᠪᠦᠯᠦᠭᠵᠢᠭᠦᠯᠬᠦ︾᠂ ︽ᠰᠤᠷᠭᠠᠭᠤᠯᠢ ᠶᠢ ᠦᠨᠡᠯᠡᠨ ᠵᠢᠱᠢᠬᠦ ᠪᠠ ᠰᠠᠶᠢᠵᠢᠷᠠᠭᠤᠯᠬᠤ︾᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾᠎ ᠶᠢ ᠬᠡᠷᠬᠢᠨ ᠬᠡᠷᠡᠭᠵᠢᠭᠦᠯᠬᠦ ᠪᠠ ᠨᠠᠶᠢᠳᠠᠪᠤᠷᠢᠵᠢᠭᠤᠯᠬᠤ᠂ ︽ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠳᠦᠷᠢᠮ︾᠎ ᠤᠨ ᠥᠭᠡᠷᠡᠴᠢᠯᠡᠯᠲᠡ᠂ ᠭᠤᠷᠪᠠᠳᠠᠬᠢ ᠡᠲᠡᠭᠡᠳ ᠤᠨ ᠰᠤᠷᠭᠠᠨ ᠬᠥᠮᠦᠵᠢᠯ ᠤᠨ ᠦᠨᠡᠯᠡᠯᠲᠡ ᠵᠡᠷᠭᠡ ᠲᠠᠯ᠎ᠠ ᠪᠠᠷ ᠰᠤᠷᠭᠠᠭᠤᠯᠢ ᠳᠤ ᠣᠷᠣᠰᠢᠵᠤ ᠪᠠᠶᠢᠭ᠎ᠠ ᠠᠰᠠᠭᠤᠳᠠᠯ ᠪᠠ ᠥᠪᠡᠷ ᠤᠨ ᠪᠣᠳᠣᠯᠬᠢᠯᠠᠯ ᠢᠶᠠᠨ ᠶᠠᠷᠢᠪᠠ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠪᠡᠭᠡᠵᠢᠩ᠂ ᠱᠠᠨᠳᠦ᠋ᠩ᠂ ᠴᠧᠩᠳᠦ᠋ ᠵᠡᠷᠭᠡ ᠭᠠᠵᠠᠷ ᠤᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠲᠠᠢ ᠪᠠᠨ ᠤᠶᠠᠯᠳᠤᠭᠤᠯᠤᠨ ᠰᠤᠷᠭᠠᠭᠤᠯᠢ ᠶᠢᠨ ᠵᠠᠬᠢᠷᠤᠯ ᠤᠨ ᠠᠰᠠᠭᠤᠳᠠᠯ ᠢ ᠬᠠᠷᠢᠭᠤᠯᠵᠠᠶ᠃      ᠤᠯᠤᠰ ᠤᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠤᠤᠯ ᠤᠨ ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠪᠠᠶᠢᠯᠳᠤᠬᠤ ᠪᠣᠳᠣᠯᠭ᠎ᠠ ᠶᠢᠨ ᠰᠤᠳᠤᠯᠬᠤ ᠲᠠᠰᠤᠭ ᠤᠨ ᠡᠷᠬᠢᠯᠡᠭᠴᠢ ᠰᠤᠳᠤᠯᠤᠭᠴᠢ ᠭᠤᠤ ᠱᠣ᠋ ᠭᠦᠸᠧ ᠵᠢᠭᠠᠵᠤ ᠭᠠᠷᠭᠠᠭᠰᠠᠨ ᠨᠢ᠂ ᠥᠭᠡᠷᠡᠴᠢᠯᠡᠯᠲᠡ ᠪᠣᠯ ᠨᠢᠭᠡᠨ ᠰᠤᠷᠭᠠᠨ ᠬᠥᠮᠦᠵᠢᠯ ᠤᠨ ᠶᠠᠪᠤᠴᠠ ᠮᠥᠨ᠂ ᠠᠰᠢᠭ ᠲᠤᠰᠠ ᠶᠢᠨ ᠳᠠᠬᠢᠨ ᠬᠤᠪᠢᠶᠠᠷᠢᠯᠠᠯᠲᠠ ᠪᠢᠰᠢ᠂ ᠬᠠᠷᠢᠨ ᠰᠤᠷᠭᠠᠨ ᠬᠥᠮᠦᠵᠢᠯ ᠤᠨ ᠦᠵᠡᠯ ᠰᠠᠨᠠᠭ᠎ᠠ᠂ ᠣᠶᠢᠯᠠᠭᠠᠭᠳᠠᠬᠤᠨ ᠢ ᠳᠠᠬᠢᠨ ᠪᠠᠶᠢᠭᠤᠯᠵᠤ ᠨᠡᠶᠢᠯᠡᠭᠦᠯᠬᠦ ᠶᠠᠪᠤᠴᠠ ᠮᠥᠨ︔ ᠰᠤᠷᠭᠠᠨ ᠬᠥᠮᠦᠵᠢᠯ ᠳᠤ ᠲᠦᠰᠢᠭ ᠲᠤᠯᠭᠠᠭᠤᠷᠢ ᠲᠠᠢ ᠪᠠᠶᠢᠵᠤ᠂ ᠡᠷᠡᠰ ᠪᠠᠲᠤ ᠢᠲᠡᠭᠡᠯ ᠵᠣᠷᠢᠭ ᠲᠠᠢ ᠪᠠᠶᠢᠬᠤ ᠬᠡᠷᠡᠭᠲᠡᠶ︔ ᠥᠭᠡᠷᠡᠴᠢᠯᠡᠯᠲᠡ ᠶᠢ ᠡᠷᠬᠡᠪᠰᠢ ᠢᠵᠢ ᠪᠦᠷᠢᠳᠦᠭᠦᠯᠦᠨ ᠶᠠᠪᠤᠭᠳᠠᠭᠤᠯᠬᠤ ᠬᠡᠷᠡᠭᠲᠡᠶ᠂ ᠡᠯ᠎ᠡ ᠵᠤᠶᠢᠯ ᠤᠨ ᠬᠠᠷᠢᠴᠠᠭ᠎ᠠ ᠶᠢ ᠰᠠᠶᠢᠲᠤᠷ ᠰᠢᠢᠤᠡᠪᠤᠷᠢᠯᠡᠬᠦ ᠬᠡᠷᠡᠭᠲᠡᠶ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠪᠠᠶᠢᠬᠤ ᠬᠡᠷᠡᠭᠲᠡᠶ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠭᠡᠷ ᠂ ᠡᠳ᠋ ᠤᠨ ᠵᠠᠰᠠᠭ᠂ ᠤᠬᠠᠭᠤᠯᠭ᠎ᠠ ᠵᠡᠷᠭᠡ ᠡᠯ᠎ᠡ ᠰᠠᠯᠠᠭ᠎ᠠ ᠮᠥᠴᠢᠷ ᠬᠤᠯᠪᠣᠭᠠᠯᠠᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠤᠳᠤᠷᠢᠳᠬᠤ ᠲᠤᠭᠤᠶᠢᠯᠠᠩ ᠢ ᠪᠦᠷᠢᠯᠳᠦᠭᠦᠯᠵᠦ᠂ ᠬᠥᠰᠢᠭᠦᠨ ᠪᠠᠶᠢᠳᠠᠯ ᠤᠨ ᠥᠭᠡᠷᠡᠴᠢᠯᠡᠯᠲᠡ ᠶᠢᠨ ᠠᠮᠵᠢᠯᠲᠠ ᠣᠯᠬᠤ ᠢᠲᠡᠭᠡᠯ ᠵᠣᠷᠢᠭ ᠪᠠᠶᠢᠬᠤ ᠬᠡᠷᠡᠭᠲᠡᠶ᠂ ᠨᠡᠮᠡᠭᠳᠡᠯ ᠤᠨ ᠬᠡᠮᠵᠢᠶᠡᠨ ᠤ ᠥᠭᠡᠷᠡᠴᠢᠯᠡᠯᠲᠡ ᠬᠢᠬᠦ ᠬᠡᠷᠡᠭᠲᠡᠶ᠂ ᠬᠠᠳᠠᠭᠠᠯᠠᠮᠵᠢ ᠶᠢᠨ ᠬᠡᠮᠵᠢᠶᠡᠨ ᠤ ᠥᠭᠡᠷᠡᠴᠢᠯᠡᠯᠲᠡ ᠬᠢᠬᠦ ᠬᠡᠷᠡᠭ ᠦᠭᠡᠢ᠂ ᠢᠯᠡᠭᠦᠤ ᠬᠥᠳᠡᠯᠮᠦᠷᠢᠯᠡᠪᠡᠯ ᠢᠯᠡᠭᠦᠤ ᠣᠯᠵᠤ᠂ ᠢᠯᠡᠭᠦᠤ ᠬᠥᠳᠡᠯᠮᠦᠷᠢᠯᠡᠪᠡᠯ ᠢᠯᠡᠭᠦᠤ ᠣᠯᠵᠤ ᠳᠡᠶᠢᠯᠬᠦ ᠶᠢ ᠢᠯᠡᠷᠡᠭᠦᠯᠬᠦ ᠬᠡᠷᠡᠭᠲᠡᠶ ︔ ᠥᠭᠡᠷᠡᠴᠢᠯᠡᠯᠲᠡ ᠬᠢᠬᠦ ᠳᠤ ᠵᠠᠪᠠᠯ ᠵᠠᠰᠠᠭ ᠤᠨ ᠣᠷᠳᠣᠨ ᠤ ᠳᠡᠮᠵᠢᠯᠭᠡ ᠶᠢ ᠣᠯᠬᠤ ᠬᠡᠷᠡᠭᠲᠡᠶ᠂ ᠲᠥᠷᠦ ᠶᠢᠨ ᠪᠣᠳᠣᠯᠭ᠎ᠠ ᠪᠡᠯᠡ ᠮᠥᠩᠭᠦ ᠶᠢᠨ ᠲᠠᠯ᠎ᠠ ᠪᠠᠷ ᠳᠡᠮᠵᠢᠬᠦ ᠪᠠᠷ ᠪᠠᠷᠠᠬᠤ ᠦᠭᠡᠢ᠂ ᠨᠢᠭᠡᠳᠦᠯᠲᠡᠶ ᠲᠥᠯᠥᠪᠵᠢᠭᠦᠯᠬᠦ᠂ ᠵᠣᠬᠢᠶᠠᠨ ᠪᠠᠶᠢᠭᠤᠯᠵᠤ ᠪᠠᠶᠢᠭᠤᠯᠬᠤ ᠲᠠᠯ᠎ᠠ ᠪᠠᠷ ᠴᠥᠮ ᠳᠡᠮᠵᠢᠯᠭᠡ ᠦᠵᠡᠭᠦᠯᠬᠦ ᠬᠡᠷᠡᠭᠲᠡᠶ︔ ᠪᠠᠭᠰᠢ᠂ ᠰᠤᠷᠭᠠᠭᠤᠯᠢ ᠶᠢᠨ ᠵᠠᠬᠢᠷᠤᠯ ᠰᠣᠯᠢᠯᠴᠠᠭ᠎ᠠ ᠬᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠠᠭᠰᠢ ᠶᠢᠨ ᠠᠵᠢᠯ ᠮᠡᠷᠭᠡᠵᠢᠯ ᠤᠨ ᠬᠤᠶᠢᠷᠭᠤᠰᠢᠬᠤ ᠪᠤᠳᠤᠯ ᠢ ᠰᠢᠢᠤᠡᠪᠤᠷᠢᠯᠡᠬᠦ ᠲᠠᠯ᠎ᠠ ᠪᠠᠷ᠂ ᠪᠠᠭᠰᠢ ᠶᠢᠨ ᠥᠪᠡᠷ ᠤᠨ ᠬᠥᠭᠵᠢᠯᠲᠡ ᠨᠢ ᠬᠠᠩᠭᠠᠮᠵᠢᠲᠠᠶ ᠪᠣᠯᠪᠠᠯ ᠰᠠᠶ᠋ᠢ ᠵᠠᠯᠬᠠᠭᠤᠷᠠᠬᠤ ᠬᠤᠭᠤᠴᠠᠭᠠᠨ ᠳᠤ ᠤᠷᠤᠭᠰᠠᠨ ᠪᠠᠭᠰᠢ ᠶᠢᠨ ᠠᠵᠢᠯ ᠮᠡᠷᠭᠡᠵᠢᠯ ᠤᠨ ᠬᠤᠶᠢᠷᠭᠤᠰᠢᠬᠤ ᠪᠤᠳᠤᠯ ᠤᠨ ᠠᠰᠠᠭᠤᠳᠠᠯ ᠢ ᠪᠦᠲᠦᠮᠵᠢᠲᠡᠶ ᠰᠢᠢᠤᠡᠪᠤᠷᠢᠯᠡᠵᠤ ᠴᠢᠳᠠᠨ᠎ᠠ ᠭᠡᠵᠦ ᠰᠠᠨᠠᠭᠤᠯᠵᠠᠶ᠃ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠶ ᠭᠤᠤ ᠱᠣ᠋ ᠭᠦᠸᠧ ᠵᠢᠭᠠᠵᠤ ᠭᠠᠷᠭᠠᠬᠤ ᠳᠠᠭᠠᠨ᠂ ᠰᠤᠷᠭᠠᠭᠤᠯᠢ ᠶᠢᠨ ᠪᠤᠶᠢᠵᠢᠯᠲᠠ ᠶᠢᠨ ᠴᠢᠨᠠᠷᠲᠠᠶ ᠦᠨᠡᠯᠡᠯᠲᠡ ᠬᠢᠭᠡᠳ ᠦᠷ᠎ᠡ ᠳ᠋ᠦᠩ ᠤᠨ ᠴᠢᠨᠠᠷᠲᠠᠶ ᠦᠨᠡᠯᠡᠯᠲᠡ ᠶᠢ ᠤᠶᠠᠯᠳᠤᠭᠤᠯᠵᠤ ᠰᠤᠷᠭᠠᠭᠤᠯᠢ ᠶᠢᠨ ᠵᠠᠬᠢᠷᠤᠯ ᠢ ᠬᠢᠨᠠᠨ ᠰᠢᠯᠭᠠᠬᠤ ᠪᠠᠷᠢᠮᠵᠢᠶ᠎ᠠ ᠪᠣᠯᠭᠠᠪᠠᠯ ᠰᠠᠶ᠋ᠢ ᠪᠠᠭᠤᠷᠠᠶ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠬᠦ ᠳᠤ ᠨᠠᠩ ᠠᠰᠢᠭᠲᠠᠢ ᠶᠤᠮ᠃ ᠪᠦᠯᠦᠭᠯᠡᠯ ᠤᠨ ᠴᠢᠨᠠᠷᠲᠠᠶ ᠰᠤᠷᠭᠠᠭᠤᠯᠢ ᠡᠷᠬᠢᠯᠡᠬᠦ ᠲᠤᠬᠠᠶ᠂ ᠭᠤᠤ ᠱᠣ᠋ ᠭᠦᠸᠧ ᠪᠡᠭᠡᠵᠢᠩ ᠬᠤᠲᠠ ᠶᠢᠨ ᠠᠮᠵᠢᠯᠲᠠ ᠲᠠᠢ ᠲᠤᠷᠰᠢᠯᠭ᠎ᠠ ᠲᠠᠢ ᠤᠶᠠᠯᠳᠤᠭᠤᠯᠤᠨ ᠤᠤᠯ ᠤᠨ ᠪᠠᠶᠢᠷᠢᠰᠢᠯ ᠢ ᠡᠪᠳᠡᠵᠦ᠂ᠡᠬᠢ ᠪᠠᠶᠠᠯᠢᠭ ᠢᠶᠠᠨ ᠲᠡᠩᠴᠡᠭᠦᠷᠢᠰᠢᠭᠦᠯᠬᠦ ᠬᠡᠷᠡᠭᠲᠡᠶ ᠭᠡᠵᠦ ᠶᠠᠷᠢᠵᠠᠶ᠃      ᠱᠠᠨᠳᠦ᠋ᠩ ᠮᠤᠵᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠵᠠᠩ ᠴᠢᠩ ᠮᠢᠩ᠂ ᠳᠤᠮᠳᠠᠳᠤ ᠤᠯᠤᠰ ᠎ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠤᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠰᠤᠳᠤᠯᠭᠠᠨ ᠤ ᠲᠥᠪ ᠤᠨ ᠡᠷᠬᠢᠯᠡᠭᠴᠢ᠂ ᠰᠤᠷᠭᠠᠨ ᠬᠥᠮᠦᠵᠢᠯ ᠤᠨ ᠶᠠᠮᠤᠨ ᠤ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠬᠢᠨᠠᠨ ᠬᠡᠮᠵᠢᠵᠦ ᠦᠨᠡᠯᠡᠨ ᠵᠢᠱᠢᠬᠦ ᠠᠯᠪᠠᠨ ᠭᠡᠷ ᠤᠨ ᠡᠷᠬᠢᠯᠡᠭᠴᠢ ᠯᠢᠦ ᠹᠠᠩ ᠴᠤ ᠲᠣᠰ ᠲᠣᠰ ᠰᠢᠶᠠᠨ ᠤ ᠬᠠᠮᠢᠶᠠᠷᠴᠤ ᠪᠠᠶᠢᠭ᠎ᠠ ᠰᠤᠷᠭᠠᠭᠤᠯᠢ ᠶᠢᠨ ᠤᠷᠢᠵᠤ ᠪᠠᠶᠢᠭ᠎ᠠ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠲᠤᠷᠰᠢᠯᠭ᠎ᠠ ᠶᠢᠨ ᠰᠣᠯᠢᠯᠴᠠᠭ᠎ᠠ ᠨᠢ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠣᠷᠣᠨ ᠪᠦᠰᠡ ᠶᠢᠨ ᠥᠭᠡᠷᠡᠴᠢᠯᠡᠯᠲᠡ ᠶᠢᠨ ᠪᠠᠴᠢᠮ ᠰᠢᠢᠤᠡᠪᠤᠷᠢᠯᠡᠬᠦ ᠴᠢᠬᠤᠯᠠᠲᠠᠶ ᠠᠰᠠᠭᠤᠳᠠᠯ ᠢ ᠲᠣᠳᠣᠷᠬᠠᠶᠢᠯᠠᠵᠤ᠂ ᠳᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ ᠢ ᠲᠣᠳᠣᠷᠬᠠᠢᠯᠠᠵᠠᠢ᠃      ᠬᠠᠮᠤᠭ ᠰᠡᠭᠦᠯ ᠳᠤ ᠨᠢ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠥᠭᠡᠷᠡᠴᠢᠯᠡᠯᠲᠡ ᠶᠢᠨ ᠲᠤᠬᠠᠶ ᠲᠤᠰᠬᠠᠶ ᠮᠡᠷᠭᠡᠵᠢᠯᠲᠡᠳ ᠲᠠᠢ ᠭᠦᠨ ᠭᠦᠨᠵᠡᠭᠡᠶ ᠨᠠᠷᠢᠨ ᠨᠢᠮᠪᠠᠶ ᠰᠣᠯᠢᠯᠴᠠᠵᠤ ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠬᠤ ᠪᠠᠷ ᠲᠣᠯᠢ ᠪᠣᠯᠭᠠᠵᠤ᠂ ᠬᠠᠮᠢᠶ᠎ᠠ ᠪᠦᠬᠦᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠡᠷᠴᠢᠮ ᠪᠣᠯᠤᠨ ᠠᠯᠬᠤᠮ ᠢ ᠠᠬᠢᠭᠤᠯᠵᠤ᠂ ᠬᠠᠶᠢᠷᠤᠪ ᠤᠨ ᠲᠣᠬᠤᠢ ᠲᠤᠭᠤᠷᠢᠭ  ᠤᠨ ᠰᠤᠷᠭᠠᠨ ᠬᠥᠮᠦᠵᠢᠯ ᠢ ᠳᠠᠬᠢᠨᠲᠠ ᠰᠢᠨ᠎ᠡ ᠲᠡᠮᠳᠡᠭᠯᠡᠯ  ᠢ ᠡᠭᠦᠳᠦᠨ᠎ᠡ ᠭᠡᠵᠦ ᠢᠯᠡᠳᠬᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号