ᠪᠦᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠠᠵᠢᠯ ᠶᠢᠨ ᠲᠤᠬᠠᠶ ᠶᠢᠨ ᠲᠠᠯᠠᠪᠠᠢ ᠶᠢᠨ ᠠᠬᠢᠭᠤᠯᠬᠤ ᠬᠤᠷᠠᠯ ᠬᠠᠶᠢᠷᠤᠪ ᠤᠨ ᠲᠣᠬᠤᠢ ᠲᠣᠭᠤᠷᠢᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2019-10-15
       10 ᠰᠠᠷ᠎ᠠ ᠶᠢᠨ 12᠎ ᠤᠨ ᠦᠳᠡ ᠬᠤᠶᠢᠨ᠎ᠠ᠂ ᠪᠦᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠠᠵᠤ ᠤᠶᠢᠯᠡᠰ  ᠢᠶᠠᠷ ᠶᠠᠳᠠᠭᠤ ᠶᠢ ᠲᠡᠳᠬᠦᠬᠦ ᠠᠵᠢᠯ ᠶᠢᠨ ᠲᠤᠬᠠᠶ ᠶᠢᠨ ᠲᠠᠯᠠᠪᠠᠢ ᠶᠢᠨ ᠠᠬᠢᠭᠤᠯᠬᠤ ᠬᠤᠷᠠᠯ ᠬᠠᠶᠢᠷᠤᠪ ᠤᠨ ᠲᠣᠬᠤᠢ ᠲᠣᠭᠤᠷᠢᠭ ᠲᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠱᠢ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠲᠣᠭᠤᠷᠢᠭ᠂ ᠨᠠᠷᠢᠨ ᠪᠢᠴᠢᠭ ᠤᠨ ᠳᠠᠷᠤᠭ᠎ᠠ ᠰᠦ ᠵᠦᠩ ᠱᠧᠩ ᠠᠬᠢᠭᠤᠯᠬᠤ ᠬᠤᠷᠠᠯ ᠢ ᠡᠷᠬᠢᠯᠡᠵᠡᠢ᠃ ᠬᠤᠲᠠ ᠶᠢᠨ ᠳᠠᠷᠤᠭ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠬᠤᠲᠠ ᠶᠢᠨ ᠳᠡᠳ᠋ ᠳᠠᠷᠤᠭ᠎ᠠ ᠯᠢᠦ ᠰᠦ ᠬᠤᠩ ᠣᠷᠣᠯᠴᠠᠪᠠ᠃
     ᠲᠤᠬᠠᠶ ᠶᠢᠨ ᠲᠠᠯᠠᠪᠠᠢ ᠳᠤ ᠲᠣᠭᠤᠷᠢᠨ ᠦᠵᠡᠬᠦ ᠦᠶ᠎ᠡ ᠳᠤ᠂ ᠭᠤᠤ ᠱᠢ ᠬᠤᠩ ᠨᠠᠷ ᠮᠦᠩᠭᠡᠨ  ᠬᠤᠸᠠᠷ ᠭᠡᠷᠡᠯ ᠴᠡᠨᠡᠭ ᠤᠨ ᠲᠠᠷᠢᠶᠠᠯᠠᠩ ᠤᠨ ᠬᠦᠷᠢᠶᠡᠯᠡᠩ᠂ ᠶᠦᠨ ᠹᠧᠶ ᠠᠷᠢᠬᠢᠨ ᠫᠦᠰᠡ ᠳᠤ ᠭᠦᠨᠵᠡᠭᠡᠶᠢᠷᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ᠂ ᠤᠶᠤᠨᠲᠤ ᠬᠦᠯᠡᠮᠵᠢ ᠵᠢᠴᠢ ᠦᠵᠦᠮ ᠤᠨ ᠠᠷᠢᠬᠢ ᠶᠢᠨ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠣᠭᠤᠷᠢᠨ ᠦᠵᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠦᠨᠳᠦᠰᠦᠨ‌‍ᠪᠠᠶᠢᠳᠠᠯ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠳᠤ᠂ ᠭᠤᠤ ᠱᠢ ᠬᠤᠩ ᠵᠡᠷᠭᠡ ᠬᠥᠮᠦᠰ ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠤ ᠲᠠᠷᠢᠶᠠᠴᠢᠨ ᠤ ᠲᠣᠭᠤᠷᠢᠭ ᠤᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠠᠷᠭ᠎ᠠ ᠶᠢ ᠰᠣᠨᠣᠰᠴᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠵᠢᠱᠢᠶ᠎ᠡ ᠦᠵᠡᠭᠦᠯᠬᠦ ᠡᠷᠦᠬᠡ ᠶᠢᠨ ᠭᠡᠷ ᠲᠤ ᠭᠦᠨᠵᠡᠭᠡᠶᠢᠷᠡᠨ ᠲᠣᠭᠤᠷᠢᠨ ᠦᠵᠡᠪᠡ᠃ ᠲᠣᠭᠤᠷᠢᠨ ᠦᠵᠡᠬᠦ ᠳᠤᠮᠳᠠ᠂ ᠬᠤᠷᠠᠯ ᠳᠤ ᠣᠷᠣᠯᠴᠠᠭᠰᠠᠳ ᠬᠠᠶᠢᠷᠤᠪ ᠤᠨ ᠲᠣᠬᠤᠢ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠭᠦᠢᠴᠠᠤᠡ ᠨᠤᠲᠠᠯᠠᠪᠠ᠃
   ᠭᠤᠤ ᠱᠢ ᠬᠤᠩ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠤᠡᠪᠤᠷᠢᠳᠤ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠤᠯᠤᠨ᠎ᠠ᠂ ᠮᠥᠨᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠲᠡᠤᠬᠡ ᠶᠢᠨ ᠰᠣᠯᠪᠢᠴᠠᠯ ᠤᠨ ᠬᠤᠭᠤᠴᠠᠭ᠎ᠠ ᠪᠣᠯᠤᠨ᠎ᠠ᠃ ᠲᠠᠷᠢᠶᠠᠯᠠᠩ ᠬᠥᠳᠡᠭᠡ ᠲᠣᠰᠬᠤᠨ ᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠦᠷᠢᠶᠡᠨ ᠳᠠᠬᠢ ᠬᠠᠲᠠᠭᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠡᠨᠡ ᠬᠦ ᠪᠠᠶᠢᠯᠳᠤᠬᠤ ᠪᠣᠳᠣᠯᠭ᠎ᠠ ᠶᠢᠨ ᠠᠷᠤ ᠬᠦᠷᠢᠶ᠎ᠡ ᠶᠢ ᠲᠣᠭᠲᠠᠭᠤᠨ ᠪᠠᠶᠢᠯᠭᠠᠬᠤ ᠨᠢ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠤᠶᠢᠯᠡᠰ ᠬᠥᠭᠵᠢᠨ ᠮᠠᠨᠳᠤᠬᠤ ᠡᠨᠡᠬᠦ ᠵᠠᠩᠭᠢᠯᠠᠭ᠎ᠠ ᠶᠢᠨ ᠴᠡᠭ ᠢ ᠠᠳᠬᠤᠵᠤ᠂ ᠠᠵᠤ ᠦᠢᠯᠡᠰ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠥᠳᠡᠭᠡ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠦᠢᠯᠡᠰ ᠤᠨ ᠬᠥᠭᠵᠢᠯᠲᠡ ᠶᠢᠨ ᠬᠠᠮᠲᠤᠷᠠᠯ ᠬᠦᠴᠦᠨ ᠢ ᠦᠷᠭᠦᠯᠵᠢᠯᠡᠨ ᠨᠢᠭᠲᠠᠷᠠᠭᠤᠯᠵᠤ᠂ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ᠂ ᠤᠶᠢᠯᠡᠤᠡᠪᠤᠷᠢᠯᠡᠯ ᠤᠨ ᠰᠢᠰᠲ᠋ᠧᠮ ᠪᠣᠯᠤᠨ ᠡᠵᠡᠩᠨᠡᠯᠲᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠶ᠃      ᠭᠤᠤ ᠱᠢ ᠬᠤᠩ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠨᠡᠬᠦ ᠰᠢᠪᠲᠤᠯᠤᠯᠲᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠲᠦᠷᠭᠡᠳᠬᠡᠨ ᠠᠬᠢᠭᠤᠯᠵᠤ᠂ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠰᠠᠭᠤᠭᠠᠯᠢ ᠠᠷᠠᠳ ᠤᠨ ᠭᠤᠤᠯ ᠴᠣᠭᠴᠠ ᠶᠢᠨ ᠤᠶᠢᠯᠡᠳᠤᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠵᠤᠶᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠩᠬᠠᠳᠠᠭᠴᠢ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠨᠢᠭᠡ ᠵᠤᠶᠢᠯ ᠤᠨ ᠭᠤᠭᠴᠤᠭ᠎ᠠ ᠪᠣᠯᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠭᠤᠭᠴᠤᠭ᠎ᠠ ᠶᠢ ᠨᠢᠭᠡᠳᠦᠯᠲᠡᠶ ᠳᠤ ᠲᠥᠯᠥᠪᠵᠢᠭᠦᠯᠵᠦ᠂ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠪᠣᠯᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠴᠢᠳᠠᠪᠤᠷᠢᠲᠠᠨ ᠤ ᠣᠶᠤᠨ ᠤ ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠬᠤ ᠣᠷᠣᠨ ᠤ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠵᠤ᠂ ᠨᠠᠮ ᠤᠨ ᠲᠠᠷᠢᠶᠠᠯᠠᠬᠤ ᠣᠷᠣᠨ ᠤ ᠲᠥᠷᠥ ᠪᠠᠷᠢᠬᠤ ᠰᠠᠭᠤᠷᠢ ᠶᠢ ᠪᠠᠬᠢᠵᠢᠭᠦᠯᠵᠦ᠂ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ᠠᠬᠢᠭᠤᠯᠬᠤ ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ  ᠪᠠᠯᠭᠠᠰᠤ᠂ ᠤᠳᠠ ᠲᠣᠭᠤᠷᠢᠭ ᠤᠨ ᠤᠯᠠᠭᠠᠨᠨᠠᠭᠤᠷ ᠪᠠᠯᠭᠠᠰᠤ᠂ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤ ᠲᠣᠰ ᠲᠣᠰ ᠨᠡᠶᠢᠲᠡᠯᠢᠭ ᠴᠢᠨᠠᠷᠲᠠᠶ ᠶᠠᠷᠢᠶ᠎ᠠ ᠲᠠᠯᠪᠢᠪᠠ᠃ ᠡᠯ᠎ᠡ ᠲᠣᠭᠤᠷᠢᠭ ᠣᠷᠣᠨ ᠤ ᠨᠠᠮ ᠤᠨ ᠬᠤᠷᠢᠶᠠᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠶᠢᠨ ᠲᠥᠯᠥᠪᠯᠡᠭᠡ ᠪᠠᠨ ᠲᠣᠰ ᠲᠣᠰ ᠬᠠᠷᠢᠭᠤ ᠮᠡᠳᠡᠭᠦᠯᠪᠡ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号