ᠬᠠᠶᠢᠷᠤᠪ ᠤᠨ ᠲᠣᠬᠤᠢ ᠲᠣᠭᠤᠷᠢᠭ  ᠤᠨ ᠨᠠᠢᠮᠠᠳᠤᠭᠠᠷ ᠬᠤᠭᠤᠴᠠᠭᠠᠨ ᠤ ᠲᠤᠭᠤᠷᠢᠭ  ᠤᠨ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-15
     10 ᠰᠠᠷ᠎ᠠ ᠶᠢᠨ 11᠎ ᠤ ᠦᠳᠡ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠴᠠᠭᠳᠠᠬᠤ ᠠᠵᠢᠯ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠲᠤᠭᠤᠷᠢᠭ  ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠴᠠᠭᠳᠠᠬᠤ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠮᠢᠩ ᠯᠢᠶᠠᠩ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠬᠤᠷᠠᠯ ᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠴᠠᠭᠳᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠦᠩ ᠵᠢᠶᠤᠤ ᠯᠦᠩ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠴᠠᠭᠳᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢᠦ ᠵᠦᠩ ᠲᠣᠭᠤᠷᠢᠭ ᠤᠨ ᠨᠠᠮ ᠤᠨ ᠬᠤᠷᠢᠶᠠᠨ ᠤ ᠲᠠᠪᠤᠨ ᠡᠭᠡᠯᠵᠢ ᠶᠢᠨ ᠲᠣᠭᠤᠷᠢᠨ ᠴᠠᠭᠳᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠪᠠ ᠡᠭᠦᠷᠭᠡ ᠬᠤᠪᠢᠶᠠᠷᠢᠯᠠᠬᠤ ᠲᠣᠭᠲᠠᠭᠠᠯ ᠢ ᠨᠡᠶᠢᠲᠡᠯᠡᠵᠦ᠂ ᠲᠣᠭᠤᠷᠢᠨ ᠴᠠᠭᠳᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠠᠩ ᠶᠠᠨ ᠹᠧᠩ ᠪᠦᠬᠦ ᠤᠯᠤᠰ ᠤᠨ ᠲᠣᠭᠤᠷᠢᠨ ᠴᠠᠭᠳᠠᠬᠤ ᠠᠵᠢᠯ ᠶᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠴᠠᠭᠳᠠᠬᠤ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠪᠦᠷᠢᠯᠳᠦᠬᠦᠨ᠂ ᠲᠣᠭᠤᠷᠢᠨ ᠴᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠭᠳᠠᠬᠤ ᠪᠠᠶᠢᠭᠤᠯᠤᠮᠵᠢ ᠶᠢᠨ ᠪᠦᠬᠦ ᠬᠥᠮᠦᠰ ᠲᠣᠰ ᠤᠳᠠᠭ᠎ᠠ ᠶᠢᠨ ᠬᠤᠷᠠᠯ ᠳᠤ ᠣᠷᠣᠯᠴᠠᠪᠠ᠃      ᠵᠠᠩ ᠮᠢᠩ ᠯᠢᠶᠠᠩ ᠱᠦᠵᠢ ᠬᠤᠷᠠᠯ ᠳᠡᠭᠡᠷ᠎ᠡ᠂ ᠴᠠᠭᠳᠠᠨ ᠪᠠᠶᠢᠴᠠᠭᠠᠬᠤ ᠪᠣᠯ ᠮᠥᠨ ᠴᠢᠨᠠᠷ ᠳᠡᠭᠡᠷ᠎ᠡ ᠪᠠᠨ ᠤᠯᠤᠰ ᠲᠥᠷᠦ ᠶᠢᠨ ᠬᠢᠨᠠᠯᠲᠠ ᠮᠥᠨ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ‍ᠤᠨ‌ᠣᠨᠴᠠᠯᠢᠭ ᠲᠠᠢ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠥᠷᠦ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠢ ᠬᠠᠮᠠᠭᠠᠯᠠᠬᠤ︾᠎ ᠶᠢ ᠦᠨᠳᠦᠰᠦᠨ ᠤᠯᠤᠰ ᠲᠥᠷᠦ ᠶᠢᠨ ᠡᠭᠦᠷᠭᠡ ᠪᠣᠯᠭᠠᠵᠤ᠂ ︽ᠳᠦᠷᠪᠡᠨ‌ᠤᠬᠠᠮᠰᠠᠷ︾᠎ ᠢᠶᠠᠷ ᠤᠯᠤᠰ ᠲᠥᠷᠦ ᠶᠢᠨ ᠬᠡᠪ ᠳᠠᠭᠤᠷᠢᠶᠠᠯ ᠪᠣᠯᠭᠠᠬᠤ ᠬᠡᠷᠡᠭᠲᠡᠶ᠃ ᠤᠯᠤᠰ ᠲᠥᠷᠥ ᠶᠢᠨ ᠵᠥᠷᠢᠶ᠎ᠡ ᠶᠢ ᠡᠷᠢᠵᠦ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠳᠤᠪᠤᠶᠢᠮ᠎ᠠ ᠠᠰᠠᠭᠤᠳᠠᠯ ᠢ ᠢᠯᠡᠷᠡᠭᠦᠯᠵᠦ ᠪᠠ ᠠᠰᠠᠭᠤᠳᠠᠯ ᠢ ᠰᠢᠢᠤᠡᠪᠤᠷᠢᠯᠡᠬᠦ ᠶᠢ ᠤᠶᠠᠯᠳᠤᠭᠤᠯᠵᠤ ᠲᠣᠭᠤᠷᠢᠨ ᠴᠠᠭᠳᠠᠬᠤ ᠠᠵᠢᠯ ᠢ ᠦᠨᠡᠨ ᠬᠦ ᠠᠯᠤᠰ ᠬᠡᠲᠦ ᠶᠢ ᠬᠠᠮᠢᠶᠠᠷᠴᠤ᠂ ᠤᠷᠲᠤ ᠬᠤᠭᠤᠴᠠᠭᠠᠨ ᠤ ᠦᠷ᠎ᠡ ᠪᠦᠲᠦᠮᠵᠢ ᠲᠠᠢ ᠪᠣᠯᠭᠠᠵᠤ᠂ ᠡᠷᠴᠢ ᠵᠣᠷᠢᠭ ᠢ ᠨᠢ ᠬᠥᠪᠴᠢᠯᠡᠵᠦ᠂ ᠲᠣᠭᠤᠷᠢᠨ ᠴᠠᠭᠳᠠᠬᠤ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠪᠠᠶᠢᠯᠳᠤᠬᠤ ᠪᠣᠳᠣᠯᠭ᠎ᠠ ᠶᠢᠨ ᠤᠶᠢᠯᠡᠳᠤᠯ ᠢ ᠪᠠᠳᠠᠷᠠᠭᠤᠯᠬᠤ ᠬᠡᠷᠡᠭᠲᠡᠶ᠃      ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠲᠣᠰ ᠡᠭᠡᠯᠵᠢ ᠶᠢᠨ ᠲᠣᠭᠤᠷᠢᠨ ᠴᠠᠭᠳᠠᠬᠤ ᠳᠤᠭᠤᠶᠢᠯᠠᠩ ᠨᠢ ᠲᠤᠭᠤᠷᠢᠭ ‍ᠤᠨ‌ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠨᠠᠮ ᠤᠨ ᠡᠭᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠤᠨ ᠡᠭᠦᠷ᠂ ᠲᠤᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠲᠠᠰᠤᠭ ᠤᠨ ᠨᠠᠮ ᠤᠨ ᠡᠭᠦᠷ᠂ ᠲᠤᠭᠤᠷᠢᠭ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠠᠷᠠᠯᠵᠢᠶᠠᠨ ᠤ ᠠᠬᠢᠭᠤᠯᠬᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠪᠠᠶᠢᠭᠤᠯᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠲᠣᠪᠴᠢᠶ᠎ᠠ ᠶᠢᠨ ᠨᠠᠮ ᠤᠨ ᠡᠭᠦᠷ᠂ ᠲᠤᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠨᠠᠮ ᠤᠨ ᠡᠭᠦᠷ᠂ ᠲᠤᠭᠤᠷᠢᠭ ᠤᠨ ᠬᠥᠳᠡᠭᠡ ᠲᠣᠰᠬᠤᠨ ᠤ ᠪᠠᠯᠠ ᠣᠷᠣᠭᠤᠯᠤᠯᠲᠠ ᠶᠢᠨ ᠨᠠᠮ ᠤᠨ ᠡᠭᠦᠷ ᠤᠨ 9 ᠨᠠᠮ ᠤᠨ ᠵᠣᠬᠢᠶᠠᠨ ᠪᠠᠶᠢᠭᠤᠯᠤᠯᠲᠠ ᠳᠤ ᠡᠩ ᠤᠨ ᠴᠠᠭᠳᠠᠨ ᠪᠠᠶᠢᠴᠠᠭᠠᠯᠲᠠ ᠥᠷᠨᠢᠭᠦᠯᠪᠡ᠃     ᠬᠤᠷᠠᠯ ᠲᠡᠭᠦᠰᠦᠭᠰᠡᠨ ᠤ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠴᠠᠭᠳᠠᠬᠤ ᠠᠵᠢᠯ ᠶᠢᠨ ᠪᠦᠬᠦ ᠬᠥᠮᠦᠰ ᠲᠣᠭᠤᠷᠢᠨ ᠴᠠᠭᠳᠠᠬᠤ ᠠᠴᠠ ᠡᠮᠦᠨᠡᠬᠢ ᠪᠣᠯᠪᠠᠰᠤᠷᠠᠯ ᠳᠤ ᠣᠷᠣᠯᠴᠠᠪᠠ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号