ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ‌ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠡᠷᠤᠭᠡ ᠳᠤ ᠤᠴᠢᠵᠤ ᠮᠠᠳᠠᠭ ᠲᠠᠢ ᠠᠰᠠᠭᠤᠳᠠᠯ ᠢ ᠰᠢᠢᠤᠡᠪᠤᠷᠢᠯᠡᠵᠤ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2019-10-16
     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠠᠵᠢᠯᠯᠠᠭ᠎ᠠ ᠶᠢᠨ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ᠂ ᠮᠠᠨ ᠤ ᠲᠤᠭᠤᠷᠢᠭ ᠤᠨ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠪᠦᠬᠦ ᠲᠠᠯ᠎ᠠ ᠪᠠᠷ ᠣᠶᠢᠯᠠᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯ ᠶᠢᠨ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠵᠡᠮᠰᠢᠵᠦ᠂ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠵᠢᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠬᠦ ᠶᠢᠨ ᠲᠥᠯᠥᠭᠡ᠂ 2019 ᠤᠨ ᠤ 10 ᠰᠠᠷ᠎ᠠ ᠶᠢᠨ 11᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶᠠᠨ ᠤ ᠳᠡᠳ᠋ ᠳᠠᠷᠤᠭ᠎ᠠ᠂ ᠨᠡᠶᠢᠭᠡᠮ  ᠤᠨ ᠪᠠᠲᠤᠯᠠᠪᠤᠷᠢ ᠶᠢᠨ ᠲᠣᠪᠴᠢᠶᠠᠨ ᠤ ᠳᠠᠷᠤᠭ᠎ᠠ ᠴᠧᠨ ᠪᠦᠦ ᠱᠧᠩ ᠪᠦᠯᠬᠦᠮ ᠳᠠᠭᠠᠭᠤᠯᠤᠨ ᠬᠠᠶᠢᠷᠤᠪ ᠤᠨ ᠲᠣᠬᠤᠢ ᠲᠤᠭᠤᠷᠢᠭ‌‍ᠤᠨ‌ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠳᠤ ᠬᠦᠷᠴᠦ᠂ ︽ᠬᠥᠮᠦᠨ ᠢᠶᠠᠷ ᠦᠨᠳᠦᠰᠦ ᠪᠣᠯᠭᠠᠵᠤ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ︾ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶᠠᠨ ᠤ ᠳᠡᠳ᠋ ᠳᠠᠷᠤᠭ᠎ᠠ ᠰᠦ ᠬᠤᠩ ᠮᠧᠶ ᠵᠢᠴᠢ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠠᠶᠢᠷᠤᠪ ᠤᠨ ᠲᠤᠬᠤᠢ ᠲᠣᠭᠤᠷᠢᠭ ‍ᠤᠨ‌ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠶ ᠵᠢᠶᠧ᠂ ᠫᠧᠩ ᠳ᠋ᠦᠩ᠂ ᠬᠠᠶᠢᠷᠤᠪ ᠤᠨ ᠲᠤᠬᠤᠢ ᠲᠣᠭᠤᠷᠢᠭ ‍ᠤᠨ‌ᠠᠵᠢᠯ ᠣᠯᠭᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ ᠸᠧᠨ ᠲᠢᠩ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠦᠩ ᡁᠢ ᠭᠠᠩ᠂ ᠳᠡᠳ᠋ ᠱᠦᠵᠢ ᠵᠠᠩ ᠰᠢᠶᠤᠣ ᠫᠧᠩ ᠵᠢᠴᠢ 30 ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠯᠠᠭ᠎ᠠ ᠮᠥᠴᠢᠷ ᠤᠨ ᠬᠢᠨ ᠳᠤ ᠳᠥᠭᠦᠮ ᠲᠠᠨᠢᠯᠴᠠᠭᠤᠯᠭ᠎ᠠ ᠬᠢᠭᠰᠡᠨ ᠪᠥᠭᠡᠳ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠠᠶ᠃ ᠭᠤᠸᠠᠩ ᠨᠠ ᠨᠡᠭᠦᠷᠡᠰᠦ ᠬᠡᠤᠷᠰᠢᠭᠦᠯᠬᠦ ᠬᠢᠵᠠᠭᠠᠷᠲᠤ ᠺᠣᠮᠫᠠᠨᠢ᠂ ᠤᠮᠠᠷᠠᠲᠤ ᠶᠢᠨ ᠰᠣᠨᠢᠨ᠂ ᠳᠤᠮᠳᠠᠳᠤ ᠤᠯᠤᠰ ᠤᠨ ᠣᠨᠴᠠ ᠲᠥᠷᠥᠯ ᠤᠨ ᠰᠢᠯ ᠬᠢᠵᠠᠭᠠᠷᠲᠤ ᠺᠣᠮᠫᠠᠨᠢ᠂ ᠳ᠋ᠧ ᠱᠧᠩ ᠱᠧᠩ ᠶᠤᠸᠠᠢ ᠨᠡᠭᠦᠷᠡᠰᠦ ᠤᠬᠢᠶᠠᠬᠤ ᠬᠢᠵᠠᠭᠠᠷᠲᠤ ᠺᠣᠮᠫᠠᠨᠢ᠂ ᠬᠠᠳᠤᠨ ᠭᠤᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠤᠨ ︽ᠬᠦᠴᠢᠷ ᠲᠦᠪᠡᠭᠲᠡᠶ ᠡᠯᠳᠡᠪ ᠠᠰᠠᠭᠤᠳᠠᠯ︾᠎ ᠳᠤ ᠴᠢᠭᠯᠡᠭᠦᠯᠦᠨ ᠠᠰᠠᠭᠤᠳᠠᠯ ᠳᠤᠷᠠᠳᠴᠤ᠂ ᠬᠠᠶᠢᠷᠤᠪ ᠤᠨ ᠲᠣᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯ ᠲᠥᠷᠥᠯ ᠢᠶᠠᠷ ᠢᠶᠠᠨ ᠠᠵᠢᠯᠯᠠᠵᠤ᠂ ᠡᠯ᠎ᠡ ᠲᠥᠷᠥᠯ ᠤᠨ ︽ᠬᠦᠴᠢᠷ ᠲᠦᠪᠡᠭᠲᠡᠶ ᠡᠯᠳᠡᠪ ᠠᠰᠠᠭᠤᠳᠠᠯ︾᠎ ᠳᠤ ᠲᠣᠰ ᠲᠣᠰ ᠪᠣᠳᠠᠲᠠᠶ ᠵᠠᠳᠠᠯᠤᠯᠲᠠ ᠬᠢᠵᠦ᠂ ᠰᠡᠵᠢᠭ ᠢ ᠨᠢ ᠬᠠᠷᠢᠭᠤᠯᠵᠤ ᠲᠥᠭᠡᠷᠢᠭᠳᠡᠯ ᠢ ᠨᠢ ᠠᠷᠢᠯᠭᠠᠬᠤ ᠶᠢᠨ ᠬᠠᠮᠲᠤ ᠠᠵᠤ ᠠᠬᠤᠶᠢᠯᠠᠯ ᠤᠨ ᠠᠵᠢᠯᠲᠠᠨ ᠤ ᠠᠵᠢᠯ ᠣᠯᠭᠤᠯᠲᠠ᠂ ᠠᠵᠢᠯ ᠠᠴᠠ ᠪᠣᠯᠤᠭᠰᠠᠨ ᠭᠡᠮᠲᠦᠯ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠬᠥᠳᠡᠯᠮᠦᠷᠢ ᠶᠢᠨ ᠵᠢᠭᠤᠷᠠᠯᠳᠤᠭᠠᠨ ᠵᠢᠴᠢ ᠪᠤᠰᠤᠳ ᠬᠡᠷᠡᠭᠴᠡᠭᠡ ᠵᠡᠷᠭᠡ ᠠᠰᠠᠭᠤᠳᠠᠯ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠬᠤᠷᠢᠶᠠᠩᠭᠤᠶᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠬᠤᠷᠠᠯᠳᠤᠭᠠᠨ ᠨᠢ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠠᠵᠢᠯ ᠣᠯᠬᠤ᠂ ᠠᠳᠠᠯ ᠤᠶᠢᠯᠡᠰ ᠴᠣᠭᠴᠠᠯᠠᠬᠤ ᠵᠢᠴᠢ ᠡᠶ᠎ᠡ ᠵᠣᠬᠢᠴᠠᠯ ᠲᠠᠢ ᠬᠥᠳᠡᠯᠮᠦᠷᠢ ᠵᠡᠷᠭᠡ ᠬᠠᠷᠢᠴᠠᠭ᠎ᠠ ᠶᠢ ᠪᠠᠶᠢᠭᠤᠯᠬᠤ ᠲᠠᠯ᠎ᠠ ᠪᠠᠷ ᠲᠤᠯᠭᠠᠷᠠᠵᠤ ᠪᠠᠶᠢᠭ᠎ᠠ ᠬᠦᠴᠢᠷᠳᠡᠯ ᠵᠢᠴᠢ ᠬᠡᠷᠡᠭᠴᠡᠭᠡ ᠶᠢ ᠭᠦᠨᠵᠡᠭᠡᠶ ᠪᠣᠳᠠᠲᠠᠶ ᠣᠶᠢᠯᠠᠭᠠᠬᠤ ᠶᠢᠨ ᠲᠥᠯᠥᠭᠡ ᠶᠤᠮ᠃ ᠨᠢᠭᠡ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠬᠦ ᠬᠡᠷᠡᠭᠲᠡᠶ᠃ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠡᠯ᠎ᠡ ᠠᠵᠢᠯ ᠲᠥᠷᠥᠯ ᠡᠯ᠎ᠡ ᠲᠥᠷᠥᠯ ᠤᠨ ᠠᠰᠠᠭᠤᠳᠠᠯ ᠳᠤ ᠪᠣᠳᠠᠲᠠᠶ ᠵᠠᠳᠠᠯᠤᠯᠲᠠ ᠬᠢᠵᠦ᠂ ᠲᠤᠰᠬᠠᠶ ᠵᠤᠶᠢᠯ ᠤᠨ ᠮᠠᠳᠠᠭ ᠲᠠᠢ ᠠᠰᠠᠭᠤᠳᠠᠯ ᠢ ᠰᠢᠢᠤᠡᠪᠤᠷᠢᠯᠡᠵᠤ᠂ ᠲᠤᠰᠬᠠᠶ ᠮᠡᠷᠭᠡᠵᠢᠯ ᠤᠨ ᠠᠷᠭ᠎ᠠ ᠪᠣᠳᠣᠯᠭ᠎ᠠ ᠠᠪᠬᠤ ᠬᠡᠷᠡᠭᠲᠡᠶ︔ ᠬᠤᠶᠠᠷ ᠲᠤ᠂ ᠭᠡᠷ ᠲᠦᠨᠢ ᠬᠦᠷᠴᠦ ᠤᠶᠢᠯᠡᠴᠢᠯᠡᠬᠦ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠯᠢ ᠴᠢᠳᠠᠬᠤ ᠪᠠᠷ ᠠᠵᠤ ᠠᠬᠤᠶᠢᠯᠠᠯ ᠳᠤ ᠬᠠᠤᠯᠢ ᠶᠣᠰᠣᠨ ᠤ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠶ᠂ ᠳᠥᠭᠦᠮ ᠳᠥᠲᠡ ᠤᠶᠢᠯᠡᠴᠢᠯᠡᠭᠡ ᠬᠠᠩᠭᠠᠵᠤ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ᠂ ᠲᠤᠬᠠᠶᠢᠯᠠᠭᠰᠠᠨ ᠠᠵᠢᠯ ᠡᠷᠬᠢᠯᠡᠭᠰᠡᠨ ᠪᠣᠳᠠᠲᠤ ᠬᠡᠷᠡᠭ ᠤᠨ ᠦᠷ᠎ᠡ ᠪᠦᠲᠦᠮᠵᠢ᠂ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ ᠶᠢᠨ ᠪᠦᠷᠬᠦᠴᠡ ᠶᠢᠨ ᠨᠣᠷᠮ᠎ᠠ ᠶᠢᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠠᠵᠢᠯᠲᠠᠳ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ ᠶᠢ ᠳᠡᠭᠡᠭᠰᠢᠯᠡᠭᠦᠯᠬᠦ︾ ᠪᠠ ︽ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠴᠢᠷᠳᠡᠯ ᠢ ᠰᠢᠢᠤᠡᠪᠤᠷᠢᠯᠡᠬᠦ︾ ᠬᠤᠶᠠᠷ ᠭᠤᠤᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠶᠢᠩᠭᠤ ᠶᠢᠨ ᠪᠠ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠯ᠎ᠡ‌ᠠᠵᠢᠯ ᠲᠥᠷᠥᠯ ᠡᠯ᠎ᠡ ᠲᠥᠷᠥᠯ ᠤᠨ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠦᠬᠦᠢ ᠠᠰᠠᠭᠤᠳᠠᠯ ᠢ ᠴᠢᠨᠠᠷ ᠰᠠᠶᠢᠲᠠᠶ ᠰᠢᠢᠤᠡᠪᠤᠷᠢᠯᠡᠵᠤ᠂ ᠬᠠᠮᠢᠶ᠎ᠠ ᠪᠦᠬᠦᠢ ᠬᠡᠷᠡᠭᠴᠡᠭᠡ‌‍ᠱᠠᠭᠠᠷᠳᠠᠯᠭ᠎ᠠ ᠶᠢ ᠬᠠᠮᠤᠭ ᠤᠨ ᠶᠡᠭᠡ ᠪᠠᠷ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ  ᠤᠨ ᠪᠠᠲᠤᠯᠠᠭ᠎ᠠ ᠶᠢᠨ ᠲᠣᠪᠴᠢᠶ᠎ᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯ ᠶᠢᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠠᠵᠢᠯ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠶᠢᠨ ᠴᠤᠪᠤᠷᠠᠯ ᠢ ᠴᠢᠩᠳᠠᠯᠠᠵᠤ᠂ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠬᠦᠴᠢᠷ᠂ ᠴᠢᠳᠠᠪᠤᠷᠢᠲᠠᠨ ᠤ ᠠᠯᠳᠠᠭᠳᠠᠯ ᠬᠦᠨᠳᠦ ᠨᠣᠴᠢᠲᠠᠶ᠂ ᠲᠤᠰᠬᠠᠶ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠳᠤᠲᠠᠭᠳᠠᠵᠤ᠂ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠳᠤᠲᠠᠭᠳᠠᠵᠤ᠂ ᠣᠨᠳᠣᠤ ᠭᠠᠵᠠᠷ ᠲᠤ ᠠᠵᠢᠯ ᠣᠯᠤᠭᠰᠠᠳ ᠤᠨ ᠠᠵᠢᠯ ᠠᠴᠠ ᠪᠣᠯᠤᠭᠰᠠᠨ ᠭᠡᠮᠲᠦᠯ ᠤᠨ ᠲᠥᠷᠥ ᠶᠢᠨ ᠪᠣᠳᠣᠯᠭ᠎ᠠ ᠶᠢᠨ ᠪᠠᠯᠠᠶ ᠴᠡᠭ ᠣᠯᠠᠨ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠶᠢᠨ ᠡᠬᠡ ᠳᠠᠩᠰᠠ ᠶᠢ ᠵᠢᠷᠤᠮᠵᠢᠭᠤᠯᠵᠤ᠂ ᠠᠷᠭᠠᠴᠠᠬᠤ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠵᠤᠶᠢᠯ ᠤᠨ ᠲᠤᠬᠠᠶᠢᠯᠠᠭᠰᠠᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠠᠶᠢᠷᠤᠪ ‍ᠤᠨ‌‍ᠲ᠋ᠣᠬᠤᠢ‌‍ᠲ᠋ᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠎ ᠤᠨ ᠪᠠᠲᠤᠯᠠᠪᠤᠷᠢ ᠶᠢᠨ ᠲᠣᠪᠴᠢᠶ᠎ᠠ ᠠᠵᠤ ᠠᠬᠤᠶᠢᠯᠠᠯ  ᠯᠤᠭ᠎ᠠ ᠶᠢᠨ ᠬᠠᠷᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠨᠠᠷᠢᠯᠢᠭᠵᠢᠵᠤ᠂ ᠭᠡᠷ ᠲᠦᠨᠢ ᠬᠦᠷᠴᠦ ᠪᠣᠳᠠᠲᠤ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ  ᠤᠨ ᠴᠢᠨᠠᠷ ᠰᠠᠶᠢᠲᠠᠶ ᠬᠥᠭᠵᠢᠯᠲᠡ ᠶᠢ ᠳᠠᠮᠵᠢᠵᠤ᠂ ᠮᠠᠨ ᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃      ᠬᠠᠮᠤᠭ ᠰᠡᠭᠦᠯ ᠳᠤ᠂ ᠬᠠᠶᠢᠷᠤᠪ ‍ᠤᠨ‌‍ᠲ᠋ᠣᠬᠤᠢ ᠲᠤᠭᠤᠷᠢᠭ ‍ᠤᠨ‌ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠱᠦᠵᠢ‌ᠵᠠᠩ‌ᠢᠦᠶ ᠫᠧᠩ᠂ ᠬᠠᠶᠢᠷᠤᠪ ᠤᠨ ᠲᠤᠬᠤᠢ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠲᠠᠢ ᠢᠳᠡᠪᠬᠢᠲᠡᠢ ᠬᠠᠮᠵᠢᠯᠴᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯ ᠰᠢᠨ᠎ᠡ ᠠᠬᠢᠴᠠ ᠲᠠᠢ ᠪᠣᠯᠵᠤ᠂ ᠠᠵᠤ ᠠᠬᠤᠶᠢᠯᠠᠯ  ᠤᠨ ᠬᠦᠴᠢᠷᠳᠡᠯ ᠤᠨ ᠰᠢᠯᠢᠳᠡᠭ ᠤᠶᠢᠯᠡᠴᠢᠯᠡᠭᠡ ᠣᠯᠬᠤ ᠶᠢ ᠳᠠᠮᠵᠢᠨ᠎ᠠ ᠭᠡᠵᠦ ᠢᠯᠡᠳᠬᠡᠪᠡ᠃ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠪᠠᠰᠠ ᠡᠯ᠎ᠡ ᠵᠤᠶᠢᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠪᠤᠷᠢ ᠶᠢᠨ ᠲᠥᠷᠦ ᠶᠢᠨ ᠪᠣᠳᠣᠯᠭ᠎ᠠ ᠶᠢ ᠰᠤᠷᠤᠯᠴᠠᠬᠤ ᠡᠷᠴᠢᠮ ᠢᠶᠠᠨ ᠴᠢᠩᠭᠠᠳᠬᠠᠵᠤ᠂ ᠠᠵᠤ ᠠᠬᠤᠶᠢᠯᠠᠯ ‍ᠤᠨ‌ᠠᠵᠢᠯᠲᠠᠨ ᠤ ᠡᠯ᠎ᠡ ᠵᠤᠶᠢᠯ ᠤᠨ ᠨᠡᠶᠢᠭᠡᠮ  ᠤᠨ ᠪᠠᠲᠤᠯᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号