ᠬᠠᠶᠢᠷᠤᠪ ᠤᠨ ᠲᠣᠬᠤᠢ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2019-10-16
     ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠨᠢ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠠᠭᠰᠢ ᠶᠢᠨ ᠡᠩᠨᠡᠭᠡ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠩ ᠥᠨᠳᠥᠷ ᠪᠠᠷᠢᠮᠵᠢᠶ᠎ᠠ᠂ ᠨᠠᠩ ᠰᠠᠶᠢᠨ ᠰᠤᠷᠭᠠᠭᠤᠯᠢ ᠶᠢᠨ ᠴᠢᠳᠠᠪᠤᠷᠢᠲᠠᠨ ᠢ ᠰᠢᠯᠢᠨ ᠰᠣᠩᠭᠤᠬᠤ ᠪᠠᠷ ᠳᠠᠮᠵᠢᠨ᠂ ᠪᠠᠭᠰᠢ ᠶᠢᠨ ᠡᠩᠨᠡᠭᠡ ᠶᠢ ᠪᠤᠵᠠᠭᠠᠶᠢᠷᠠᠭᠤᠯᠬᠤ ᠶᠢ ᠪᠡᠶᠡᠯᠡᠭᠦᠯᠵᠦ᠂ ᠪᠦᠬᠦ ᠲᠤᠭᠤᠷᠢᠭ ᠤᠨ ᠪᠠᠭᠰᠢ ᠶᠢᠨ ᠡᠩᠨᠡᠭᠡ ᠳᠤ ᠰᠢᠨ᠎ᠡ ᠰᠣᠷᠭᠤᠭ ᠬᠦᠴᠦᠨ ᠨᠡᠮᠡᠷᠢᠯᠡᠭᠰᠡᠨ ᠪᠥᠭᠡᠳ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠬᠦ ᠳᠤ ᠬᠢᠵᠠᠭᠠᠯᠠᠰᠢ ᠦᠭᠡᠢ ᠬᠥᠳᠡᠯᠭᠡᠬᠦ ᠬᠦᠴᠦᠨ ᠢ ᠠᠪᠴᠢᠷᠠᠭᠰᠠᠨ ᠪᠠᠶᠢᠨ᠎ᠠ᠃      ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠤᠶᠢᠷ᠎ᠠ ᠶᠢᠨ ᠵᠢᠯ ᠠᠴᠠ ᠵᠠᠯᠠᠭᠤ ᠪᠠᠭᠰᠢ ᠶᠢ ᠲᠠᠰᠤᠷᠠᠯᠲᠠ ᠦᠭᠡᠢ ᠣᠷᠣᠭᠤᠯᠤᠨ ᠠᠪᠴᠢᠷᠠᠵᠤ᠂ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠪᠤᠵᠠᠭᠠᠶᠢᠷᠠᠭᠤᠯᠪᠠ᠃︽ᠰᠢᠯᠢᠳᠡᠭ ᠵᠠᠯᠠᠭᠤ ᠪᠠᠭᠰᠢ ᠶᠢ ᠣᠷᠣᠭᠤᠯᠤᠨ ᠠᠪᠴᠢᠷᠠᠭᠰᠠᠨ ᠨᠢ ᠮᠠᠨ ᠤ ᠪᠠᠭᠰᠢ ᠶᠢᠨ ᠡᠩᠨᠡᠭᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠲᠡᠳᠡ ᠰᠢᠨ᠎ᠡ ᠰᠡᠳᠬᠢᠴᠡ ᠲᠠᠢ ᠪᠠᠶᠢᠵᠤ᠂ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠬᠥᠳᠡᠯᠦᠩᠭᠦᠶ ᠪᠠᠶᠢᠳᠠᠯ ᠢ ᠡᠵᠡᠮᠳᠡᠵᠦ ᠴᠢᠳᠠᠬᠤ ᠮᠥᠷᠲᠡᠭᠡᠨ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠰᠠᠶᠢᠲᠤᠷ ᠬᠡᠷᠡᠭᠯᠡᠵᠦ᠂ ᠪᠦᠬᠦᠯᠢ ᠴᠣᠭᠴᠠ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠢᠨ‌‍ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠢᠳᠡᠪᠬᠢᠲᠡᠢ ᠤᠶᠢᠯᠡᠳᠤᠯ ᠦᠵᠡᠭᠦᠯᠦᠭᠰᠡᠨ ᠪᠠᠶᠢᠨ᠎ᠠ᠃︾ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠱᠢ ᠮᠧᠶ ᠵᠢᠦᠸᠠᠨ ᠰᠤᠷᠪᠤᠯᠵᠢᠯᠠᠭᠴᠢ ᠳᠤ ᠬᠡᠯᠡᠵᠦ ᠥᠭᠪᠡ᠃      ᠡᠭᠦᠨ ᠤ ᠳᠤ ᠬᠠᠮᠲᠤ᠂ ᠰᠤᠷᠭᠠᠭᠤᠯᠢ ᠨᠢ ᠯᠠᠨ ᠲᠢᠩ ᠵᠠᠯᠠᠭᠤ ᠪᠠᠭᠰᠢ ᠶᠢᠨ ᠦᠰᠦᠨ ᠪᠤᠶᠢᠵᠢᠬᠤ ᠬᠢᠴᠢᠶᠡᠯ ᠢᠶᠠᠷ ᠳᠠᠮᠵᠢᠨ ᠵᠠᠯᠠᠭᠤ ᠪᠠᠭᠰᠢ ᠶᠢᠨ ᠦᠰᠦᠨ ᠪᠤᠶᠢᠵᠢᠯᠲᠠ ᠶᠢ ᠲᠠᠰᠤᠷᠠᠯᠲᠠ ᠦᠭᠡᠢ ᠲᠦᠷᠭᠡᠳᠬᠡᠪᠡ ᠪᠣᠳᠠᠲᠠᠶ ᠬᠡᠯᠪᠡᠷᠢ ᠳᠤ ᠪᠠᠭᠰᠢ ᠨᠢ ᠱᠠᠪᠢ ᠳᠠᠭᠠᠭᠤᠯᠬᠤ᠂ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠯ᠂ ᠵᠠᠯᠠᠭᠤ ᠪᠠᠭᠰᠢ ᠶᠢᠨ ᠨᠣᠮ ᠤᠩᠰᠢᠬᠤ ᠬᠤᠷᠠᠯ᠂ ᠦᠨᠳᠦᠰᠦᠨ ᠪᠣᠯᠪᠠᠰᠤᠷᠠᠯ ᠤᠨ ᠬᠢᠴᠢᠶᠡᠯ ᠵᠡᠷᠭᠡ ᠶᠢ ᠪᠠᠭᠲᠠᠭᠠᠵᠤ᠂ ᠡᠭᠦᠨ ᠢᠶᠠᠷ ᠵᠠᠯᠠᠭᠤ ᠪᠠᠭᠰᠢ ᠶᠢ ᠬᠠᠪᠰᠤᠷᠤᠨ ᠲᠦᠷᠭᠡᠨ ᠪᠤᠶᠢᠵᠢᠭᠤᠯᠪᠠ᠃      ᠨᠢᠳᠤᠨᠤᠨ ᠵᠢᠯ᠂ ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠴᠢᠳᠠᠪᠤᠷᠢᠲᠠᠨ ᠲᠠᠲᠠᠵᠤ ᠣᠷᠣᠭᠤᠯᠤᠭᠰᠠᠨ ᠵᠠᠯᠠᠭᠤ ᠪᠠᠭᠰᠢ ᠬᠤᠤ ᠯᠢ ᠳ᠋ᠠᠨ ᠰᠤᠷᠭᠠᠭᠤᠯᠢ ᠶᠢᠨ ᠬᠠᠩᠭᠠᠭᠰᠠᠨ ᠡᠯ᠎ᠡ ᠵᠤᠶᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠬᠢ ᠬᠠᠪᠰᠤᠷᠤᠯᠭ᠎ᠠ ᠪᠠ ᠲᠣᠰ ᠪᠡᠶ᠎ᠡ ᠶᠢᠨ ᠬᠠᠪᠰᠤᠷᠤᠯᠭ᠎ᠠ ᠪᠠᠷ ᠳᠠᠮᠵᠢᠨ᠂ ᠰᠤᠷᠭᠠᠭᠤᠯᠢ ᠶᠢᠨ ᠪᠠᠭᠰᠢ᠂ ᠰᠤᠷᠤᠭᠴᠢ ᠵᠢᠴᠢ ᠭᠡᠷ ᠤᠨ ᠠᠬᠠᠮᠠᠳ ᠵᠡᠷᠭᠡ ᠪᠠᠷ ᠮᠠᠭᠲᠠᠨ ᠰᠠᠶᠢᠰᠢᠶᠠᠬᠤ ᠰᠠᠶᠢᠨ ᠪᠠᠭᠰᠢ ᠪᠣᠯᠪᠠ᠃︽ᠰᠤᠷᠭᠠᠭᠤᠯᠢ ᠨᠢ ᠮᠠᠨ ᠤ ᠡᠳᠡᠭᠡᠷ ᠰᠢᠨ᠎ᠡ ᠪᠠᠭᠰᠢ ᠨᠠᠷ ᠲᠤ ᠠᠮᠢᠳᠤᠷᠠᠯ ᠤᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠢᠳᠡᠨ ᠳᠤ ᠨᠠᠷᠠᠲᠤ ᠪᠠᠭᠰᠢ ᠶᠢᠨ ᠶᠠᠷᠢᠶᠠᠨ ᠤ ᠲᠠᠪᠴᠠᠩ᠂ ᠪᠠᠭᠰᠢ ᠱᠠᠪᠢ ᠶᠢᠨ ᠬᠤᠤᠰᠯᠠᠯ ᠵᠡᠷᠭᠡ ᠲᠦᠷᠭᠡᠨ ᠦᠰᠦᠨ ᠪᠤᠶᠢᠵᠢᠬᠤ ᠲᠠᠪᠴᠠᠩ ᠢ ᠬᠠᠩᠭᠠᠵᠤ᠂ ᠪᠢᠳᠡᠨ ᠢ ᠲᠦᠷᠭᠡᠨ ᠲᠤᠷᠰᠢᠯᠭ᠎ᠠ ᠬᠤᠷᠠᠮᠳᠤᠭᠤᠯᠵᠤ᠂ ᠨᠠᠩ ᠰᠠᠶᠢᠨ ᠦᠰᠦᠨ ᠪᠤᠶᠢᠵᠢᠭᠤᠯᠵᠠᠶ᠃︾ᠬᠤᠤ ᠯᠢ ᠳ᠋ᠠᠨ ᠬᠡᠯᠡᠬᠦ ᠳᠡᠭᠡᠨ᠂ ︽ᠪᠢ ᠥᠪᠡᠷ ᠢᠶᠠᠷ ᠴᠦ ᠢᠳᠡᠪᠬᠢᠲᠡᠶ ᠪᠠᠷ ᠬᠢᠴᠢᠶᠡᠯ ᠰᠣᠨᠣᠰᠴᠤ᠂ ᠬᠢᠴᠢᠶᠠᠯ ᠢᠶᠠᠨ ᠬᠢᠨᠠᠮᠠᠭᠠᠶ ᠪᠡᠯᠡᠳᠬᠡᠨ᠂ ᠠᠬᠠᠮᠠᠳ ᠪᠠᠭᠰᠢ ᠨᠠᠷ ᠠᠴᠠ ᠳᠠᠷᠤᠤ ᠬᠢᠴᠢᠶᠡᠩᠭᠦᠶ ᠪᠠᠷ ᠵᠢᠭᠠᠯᠭᠠᠵᠤ᠂ ᠥᠪᠡᠷ ᠤᠨ ᠵᠢᠭᠠᠨ ᠰᠤᠷᠭᠠᠬᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ᠂ ᠥᠪᠡᠷ ᠤᠨ ᠬᠠᠷᠢᠭᠤᠴᠠᠯᠭᠠᠲᠤ ᠰᠡᠳᠬᠢᠯᠭᠡ᠂ ᠬᠠᠯᠠᠭᠤᠨ ᠰᠡᠳᠬᠢᠯᠭᠡ ᠪᠠᠨ ᠪᠦᠬᠦᠨ ᠢ ᠰᠤᠷᠭᠠᠭᠤᠯᠢ ᠪᠠ ᠰᠤᠷᠤᠭᠴᠢ ᠨᠠᠷ ᠲᠤ ᠵᠤᠷᠢᠭᠤᠯᠤᠨ᠎ᠠ︾ᠭᠡᠵᠡᠶ᠃      ᠡᠨᠡ ᠵᠢᠯ ᠤᠨ 3 ᠰᠠᠷ᠎ᠠ ᠪᠣᠯᠤᠨ 4 ᠰᠠᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠬᠥᠮᠦᠰ ᠪᠠᠰᠠ ᠬᠤᠶᠠᠷ ᠤᠳᠠᠭ᠎ᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠣᠷᠣᠭᠤᠯᠤᠨ ᠠᠪᠴᠢᠷᠠᠵᠤ᠂ ︽ᠭᠠᠳᠠᠭᠰᠢ ᠭᠠᠷᠬᠤ︾ ᠬᠡᠯᠪᠡᠷᠢ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ 84 ᠬᠥᠮᠦᠨ ᠢ ᠣᠷᠣᠭᠤᠯᠤᠨ ᠠᠪᠴᠢᠷᠠᠵᠤ᠂ ᠡᠭᠦᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ 22 ᠬᠥᠮᠦᠨ᠂ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠪᠠᠭᠰᠢ 44 ᠬᠥᠮᠦᠨ᠂ ᠲᠠᠷᠢᠶᠠᠯᠠᠬᠤ ᠣᠷᠣᠨ ᠤ ᠪᠠᠭ᠎ᠠ ᠰᠤᠷᠭᠠᠭᠤᠯᠢ ᠶᠢᠨ ᠪᠠᠭᠰᠢ 11 ᠬᠥᠮᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ 7 ᠬᠥᠮᠦᠨ ᠪᠣᠶ᠃      3 ᠰᠠᠷ᠎ᠠ ᠶᠢᠨ ᠡᠬᠢ ᠪᠠᠷ᠂ ᠰᠤᠷᠭᠠᠨ ᠬᠥᠮᠦᠵᠢᠯ ᠤᠨ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠢᠯ ᠣᠯᠭᠤᠯᠲᠠ ᠶᠢᠨ ᠵᠢᠯᠣᠭᠤᠳᠬᠤ ᠲᠥᠪ ᠤᠨ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠯᠪᠠᠨ ᠵᠠᠷ ᠨᠡᠶᠢᠲᠡᠯᠡᠪᠡ᠃ ᠡᠭᠦᠨ ᠠᠴᠠ ᠰᠡᠭᠦᠯᠡᠷ᠂ ᠰᠤᠷᠭᠠᠨ ᠬᠥᠮᠦᠵᠢᠯ ᠤᠨ ᠲᠣᠪᠴᠢᠶᠠᠨ ᠤ ᠬᠤᠯᠪᠣᠭᠳᠠᠯ ᠪᠦᠬᠦᠢ ᠬᠥᠮᠦᠰ ᠬᠠᠶᠢᠷᠤᠪ ᠤᠨ ᠲᠣᠬᠤᠢ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ︵ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠰᠬᠠᠶ ᠲᠠᠯᠠᠪᠤᠷ︶ ᠲᠠᠨᠢᠯᠴᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠤ ᠬᠠᠮᠲᠤ ᠪᠠᠰᠠ ᠬᠠᠶᠢᠷᠤᠪ ᠤᠨ ᠲᠣᠬᠤᠢ ᠲᠣᠭᠤᠷᠢᠭ ᠤᠨ ᠬᠡᠰᠡᠭ ᠳᠤᠮᠳᠠᠳᠤ ᠪᠠᠭ᠎ᠠ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠡᠬᠡᠩᠬᠢ ᠳᠡᠭᠡᠳᠤ ᠰᠤᠷᠭᠠᠭᠤᠯᠢ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠲᠠᠨᠢᠯᠴᠠᠭᠤᠯᠬᠤ ᠬᠤᠷᠠᠯ ᠢ ᠡᠷᠬᠢᠯᠡᠭᠰᠡᠨ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠲᠤ ᠨᠠᠩ ᠣᠯᠠᠨ ᠠᠵᠢᠯ ᠣᠯᠭᠤᠬᠤ ᠲᠣᠬᠢᠶᠠᠯ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠬᠢᠴᠢᠶᠡᠯ ᠤᠨ ᠨᠡᠭᠡᠭᠡᠯᠲᠡ᠂ ᠪᠠᠭᠰᠢ ᠬᠥᠮᠦᠵᠢᠭᠦᠯᠬᠦ᠂ ᠰᠡᠳᠦᠪ ᠰᠤᠳᠤᠯᠬᠤ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠰᠣᠯᠢᠯᠴᠠᠭ᠎ᠠ ᠳᠤ ᠪᠠᠲᠤ ᠪᠠᠬᠢ ᠲᠠᠪᠴᠠᠩ ᠢ ᠪᠠᠶᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠠᠭᠰᠢ ᠶᠢᠨ ᠬᠦᠴᠦᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ ᠪᠠ ᠰᠤᠷᠭᠠᠭᠤᠯᠢ ᠶᠢᠨ ᠶᠠᠰᠤ ᠴᠢᠨᠠᠷ ᠤᠨ ᠬᠥᠭᠵᠢᠯᠲᠡ ᠳᠤ ᠴᠢᠬᠤᠯᠠ ᠠᠬᠢᠭᠤᠯᠬᠤ ᠤᠶᠢᠯᠡᠳᠤᠯ ᠦᠵᠡᠭᠦᠯᠪᠡ᠃ ᠣᠶᠢᠯᠠᠭᠠᠭᠰᠠᠨ ᠢᠶᠠᠷ᠂ ᠡᠨᠡ ᠤᠳᠠᠭ᠎ᠠ ᠨᠡᠶᠢᠲᠡ1039 ᠨᠡᠷᠡᠰ ᠨᠥᠬᠦᠴᠡᠯ ᠳᠤ ᠨᠡᠢᠴᠡᠬᠦ ᠡᠯ᠎ᠡ ᠶᠡᠭᠡ ᠳᠡᠭᠡᠳᠤ ᠰᠤᠷᠭᠠᠭᠤᠯᠢ ᠠᠴᠠ ᠲᠡᠭᠦᠰᠦᠭᠰᠡᠨ ᠣᠶᠤᠲᠠᠨ ᠪᠠ ᠠᠰᠫᠢᠷᠠᠨᠲ ᠳᠠᠩᠰᠠᠯᠠᠭᠤᠯᠤᠨ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ᠂ ᠬᠢᠷᠢ ᠭᠡᠮ ᠤᠨ ᠬᠢᠨᠠᠨ ᠪᠠᠶᠢᠴᠠᠭᠠᠯᠲᠠ ᠬᠢᠬᠦ᠂ ᠪᠦᠲᠦᠴᠡ ᠳᠤ ᠨᠢᠭᠤᠷᠳᠠᠨ ᠰᠢᠯᠭᠠᠯᠲᠠ ᠬᠢᠬᠦ ᠪᠠ ᠲᠤᠷᠰᠢᠨ ᠵᠢᠭᠠᠬᠤ ᠳᠥᠷᠪᠡᠨ ᠭᠤᠭᠴᠤᠭ᠎ᠠ ᠪᠠᠷ ᠳᠠᠮᠵᠢᠨ᠂ ᠡᠴᠦᠰ ᠲᠡᠭᠡᠨ 87 ᠬᠥᠮᠦᠨ ᠢ ᠪᠣᠳᠠᠲᠠᠶ ᠣᠷᠣᠭᠤᠯᠤᠭᠰᠠᠨ ᠪᠠᠶᠢᠨ᠎ᠠ᠃      ᠡᠨᠡ ᠵᠢᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠲᠡᠭᠦᠰᠦᠭᠰᠡᠨ ᠮᠠ ᠯᠢ ᠰᠢᠤᠸᠠᠢ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠳᠠᠮᠵᠢᠨ ᠦᠬᠠᠶ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠤᠷᠤᠭᠰᠢᠲᠠᠶ ᠣᠷᠣᠵᠤ ᠪᠠᠭᠰᠢᠯᠠᠪᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠦᠬᠠᠶ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠳᠠᠳᠤᠯᠭ᠎ᠠ ᠬᠢᠵᠦ᠂ ᠦᠬᠠᠶ ᠶᠢᠨ ᠰᠤᠷᠭᠠᠨ ᠬᠥᠮᠦᠵᠢᠯ ᠳᠤ ᠵᠣᠬᠢᠬᠤ ᠣᠶᠢᠯᠠᠭᠠᠯᠲᠠ ᠲᠠᠢ ᠪᠠᠶᠢᠵᠤ᠂ ᠡᠨᠡ‌ᠤᠳᠠᠭ᠎ᠠ ᠴᠤ ᠬᠠᠨᠳᠤᠯᠭᠠᠲᠤ ᠴᠢᠨᠠᠷᠲᠠᠶ ᠰᠣᠩᠭᠤᠯᠲᠠ ᠬᠢᠭᠰᠡᠨ‌‍ᠪᠠᠶᠢᠨ᠎ᠠ ᠭᠡᠵᠡᠶ᠃︽ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠤ ᠳᠠᠷᠠᠭ᠎ᠠ᠂ ᠰᠤᠷᠭᠠᠭᠤᠯᠢ ᠠᠴᠠ ᠮᠠᠨ ᠤ ᠡᠳᠡᠭᠡᠷ ᠭᠠᠳᠠᠷ ᠣᠷᠣᠨ ᠤ ᠪᠠᠭᠰᠢ ᠨᠠᠷ ᠲᠤ ᠠᠮᠢᠳᠤᠷᠠᠯ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠥᠬᠡ ᠴᠡᠩᠬᠡᠷ ᠶᠣᠰᠣᠯᠠᠯ᠂ ᠪᠠᠭᠰᠢ ᠱᠠᠪᠢ ᠶᠢᠨ ᠬᠤᠤᠰᠯᠠᠯ ᠪᠣᠯᠬᠤ ᠵᠡᠷᠭᠡ ᠬᠡᠯᠪᠡᠷᠢ ᠪᠠᠷ ᠮᠠᠨ ᠤ ᠰᠢᠨ᠎ᠡ ᠪᠠᠭᠰᠢ ᠶᠢᠨ ᠲᠦᠷᠭᠡᠨ ᠦᠰᠦᠨ ᠪᠤᠶᠢᠵᠢᠬᠤ ᠳᠤ ᠬᠠᠪᠰᠤᠷᠤᠯᠭ᠎ᠠ ᠦᠵᠡᠭᠦᠯᠵᠡᠶ᠃》ᠮᠠ ᠯᠢ ᠰᠢᠤᠸᠠᠢ ᠬᠡᠯᠡᠬᠦ ᠳᠡᠭᠡᠨ᠂ ︽ᠪᠢ ᠠᠵᠢᠯ ᠳᠤ ᠭᠠᠷᠤᠮᠠᠭᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠠᠩᠬᠢ ᠶᠢᠨ ᠬᠢᠮᠢ ᠶᠢᠨ ᠪᠠᠭᠰᠢ ᠪᠣᠯᠵᠤ᠂ ᠰᠤᠷᠭᠠᠭᠤᠯᠢ ᠶᠢᠨ ᠠᠬᠠᠮᠠᠳ ᠪᠠᠭᠰᠢ ᠨᠠᠳᠠ ᠳᠤ ᠮᠠᠰᠢ ᠣᠯᠠᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠵᠦ᠂ ᠦᠬᠠᠶ ᠶᠢ ᠰᠣᠩᠭᠤᠭᠰᠠᠨ᠂ ᠬᠤᠶᠠᠳᠤᠭᠠᠷ ᠳᠤᠮᠳᠠᠳᠤ ᠰᠤᠷᠭᠠᠭᠤᠯᠢ ᠶᠢ ᠰᠣᠩᠭᠤᠭᠰᠠᠨ ᠨᠢ ᠵᠥᠪ ᠣᠨᠣᠪᠴᠢᠲᠠᠶ ᠭᠡᠵᠦ ᠨᠠᠳᠠ ᠳᠤ ᠪᠣᠳᠣᠭᠳᠠᠭᠤᠯᠵᠠᠶ᠃      ᠣᠶᠢᠯᠠᠭᠠᠭᠰᠠᠨ ᠢᠶᠠᠷ᠂ ᠡᠨᠡ ᠵᠢᠯ ᠤᠨ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠪᠣᠯ ᠬᠠᠶᠢᠷᠤᠪ ᠤᠨ ᠲᠣᠬᠤᠢ ᠲᠣᠭᠤᠷᠢᠭ ‍ᠤᠨ‌ᠵᠣᠬᠢᠶᠠᠨ ᠪᠠᠶᠢᠭᠤᠯᠬᠤ ᠬᠡᠯᠲᠡᠰ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ ᠶᠠᠪᠤᠭᠳᠠᠭᠰᠠᠨ ᠶᠤᠮ᠂︽ᠢᠯᠡ ᠲᠣᠳᠣ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠶᠢ ᠰᠤᠩᠭᠤᠬᠤ︾ ᠵᠠᠷᠴᠢᠮ ᠢ ᠪᠠᠷᠢᠮᠲᠠᠯᠠᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠣᠷᠣᠭᠤᠯᠤᠨ ᠠᠪᠴᠢᠷᠠᠬᠤ ᠲᠣᠪᠴᠢ ᠳᠦᠷᠢᠮ︾᠎ ᠤᠨ ᠠᠵᠢᠯ ᠶᠢᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠦᠭᠰᠡᠨ ᠪᠠᠶᠢᠨ᠋ ᠎ᠠ᠃ ᠡᠮᠦᠨᠡᠬᠢ ᠬᠤᠭᠤᠴᠠᠭᠠᠨ ᠤ ᠠᠵᠢᠯ ᠢ ᠪᠡᠯᠡᠳᠬᠡᠬᠦ᠂ ᠲᠡᠭᠦᠯᠳᠡᠷᠵᠢᠭᠦᠯᠬᠦ ᠪᠠ ᠲᠤᠬᠠᠶ ᠶᠢᠨ ᠭᠠᠵᠠᠷ ᠲᠤᠨᠢ ᠲᠠᠨᠢᠯᠴᠠᠭᠤᠯᠬᠤ ᠬᠤᠷᠠᠯ ᠢ ᠬᠤᠷᠠᠯᠳᠤᠭᠤᠯᠬᠤ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠰᠦᠯᠵᠢᠶ᠎ᠡ᠂ ᠦᠬᠠᠶ ᠶᠢᠨ ᠰᠤᠷᠭᠠᠨ ᠬᠥᠮᠦᠵᠢᠯ ᠤᠨ ᠸᠢᠴᠠᠲ ᠤᠨ ᠲᠠᠪᠴᠠᠩ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠢᠯ ᠣᠯᠭᠤᠯᠲᠠ ᠶᠢ ᠵᠢᠯᠣᠭᠤᠳᠬᠤ ᠭᠠᠵᠠᠷ ᠤᠨ ᠰᠦᠯᠵᠢᠶᠡᠨ ᠤ ᠲᠠᠪᠴᠠᠩ ᠵᠡᠷᠭᠡ ᠰᠦᠯᠵᠢᠶᠡᠨ ᠥᠷᠲᠡᠭᠡ ᠶᠢᠨ ᠨᠡᠶᠢᠲᠡᠯᠡᠭᠰᠡᠨ‌‍ᠴᠢᠳᠠᠪᠤᠷᠢᠲᠠᠨ ᠣᠷᠣᠭᠤᠯᠤᠨ ᠠᠪᠴᠢᠷᠠᠬᠤ ᠲᠣᠪᠴᠢ ᠳᠦᠷᠢᠮ ᠵᠡᠷᠭᠡ ᠠᠵᠢᠯ ᠢ ᠥᠷᠨᠢᠭᠦᠯᠬᠦ ᠨᠢ ᠴᠥᠮ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠤᠬᠠᠭᠤᠯᠭ᠎ᠠ ᠪᠠ ᠳᠡᠯᠭᠡᠷᠡᠭᠦᠯᠦᠯᠲᠡ ᠳᠤ ᠲᠤᠶᠢᠯ ᠤᠨ ᠴᠢᠬᠤᠯᠠ ᠤᠶᠢᠯᠡᠳᠤᠯ ᠦᠵᠡᠭᠦᠯᠪᠡ᠃ ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠨᠢ ᠪᠠᠰᠠ ᠲᠡᠭᠦᠰᠬᠦ ᠵᠢᠯ ᠤᠨ ᠱᠠᠭᠠᠷᠳᠠᠯᠭ᠎ᠠ ᠶᠢ ᠵᠣᠬᠢᠰᠲᠠᠶ ᠠᠭᠤᠵᠢᠭᠤ ᠲᠠᠯᠪᠢᠵᠤ᠂ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠨᠠᠩ ᠳᠥᠭᠦᠮ ᠪᠣᠯᠭᠠᠵᠤ᠂ ᠬᠠᠶᠢᠷᠤᠪ ᠤᠨ ᠲᠣᠬᠤᠢ ᠲᠣᠭᠤᠷᠢᠭ ᠬᠢᠭᠡᠳ ᠪᠤᠰᠤᠳ ᠭᠠᠵᠠᠷ ᠣᠷᠣᠨ ᠤ ᠥᠷᠢᠰᠥᠯᠳᠦᠭᠡᠨ ᠤ ᠳᠠᠪᠠᠭᠤᠯᠢᠭ ᠢ ᠴᠢᠩᠭᠠᠳᠬᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号