ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠬᠤᠣᠰ ᠬᠤᠲᠠ ᠬᠤᠯᠪᠣᠭᠠᠯᠠᠨ ᠡᠭᠦᠳᠬᠦ ᠠᠵᠢᠯ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-17
     ᠦᠬᠠᠶ ᠬᠤᠲᠠ ᠶᠢᠨ ᠵᠠᠰᠠᠭ ᠤᠨ ᠣᠷᠳᠣᠨ ᠤ 2019 ᠤᠨ ᠤ ᠪᠦᠬᠦ ᠤᠯᠤᠰ ᠎ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ ᠨᠢᠭᠡᠳᠦᠯᠲᠡᠶ ᠳᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ︽ᠬᠤᠣᠰ ᠡᠭᠦᠳᠦᠯᠲᠡ︾᠎ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2019 ᠤᠨ ᠎ ᠤ 10 ᠰᠠᠷ᠎ᠠ ᠶᠢᠨ 12᠎ ᠤᠨ ᠡᠳᠦᠷ ᠦᠬᠠᠶ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠤᠤᠰ ᠬᠤᠲᠠ ᠶᠢ ᠬᠤᠯᠪᠣᠭᠠᠯᠠᠨ ᠡᠭᠦᠳᠬᠦ ᠠᠵᠢᠯ ᠶᠢᠨ ᠬᠤᠷᠠᠯ ᠬᠤᠷᠠᠯᠳᠤᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠶᠤᠰᠤ ᠰᠤᠷᠲᠠᠬᠤᠨ ᠤ ᠬᠦᠮᠤᠵᠢᠯ  ᠤᠨ ᠰᠤᠷᠭᠠᠭᠤᠯᠢ  ᠶᠢᠨ ᠳᠡᠳ᠋ ᠵᠠᠬᠢᠷᠤᠯ  ᠬᠤᠷᠠᠯ ᠳᠤ ᠣᠷᠣᠯᠴᠠᠪᠠ᠃     ᠬᠤᠷᠠᠯ ᠢ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠨ ᠶᠤᠸᠠᠢ ᠶᠢᠩ ᠨᠥᠬᠦᠷ ᠡᠷᠬᠢᠯᠡᠪᠡ᠃ ᠬᠤᠷᠠᠯ ᠳᠡᠭᠡᠷ᠎ᠡ ︽ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠬᠤ ᠠᠭᠤᠯᠭ᠎ᠠ︾᠂ ︽ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠰᠢᠯᠭᠠᠨ ᠦᠨᠡᠯᠡᠬᠦ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠠᠭᠤᠯᠭ᠎ᠠ︾᠎ ᠶᠢᠨ ᠨᠠᠷᠢᠨ ᠵᠤᠶᠢᠯᠡᠰ ᠲᠤ ᠲᠠᠶᠢᠯᠤᠮᠵᠢ ᠬᠢᠬᠦ ᠶᠢᠨ ᠬᠠᠮᠲᠤ ᠦᠬᠠᠶ ᠬᠤᠲᠠ ᠶᠢᠨ ᠬᠤᠣᠰ ᠬᠤᠲᠠ ᠡᠭᠦᠳᠦᠨ ᠪᠠᠶᠢᠭᠤᠯᠬᠤ ᠠᠵᠢᠯ ᠶᠢᠨ ᠠᠯᠪᠠᠨ ᠭᠡᠷ ᠠᠴᠠ ᠡᠮᠦᠨᠡᠬᠢ ᠰᠢᠮᠳᠠᠭᠤᠯᠤᠨ ᠪᠠᠶᠢᠴᠠᠭᠠᠬᠤ ᠠᠵᠢᠯ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠰᠢᠮᠳᠠᠭᠤᠯᠤᠨ ᠴᠡᠭᠴᠡᠯᠡᠨ ᠥᠭᠡᠷᠡᠴᠢᠯᠡᠵᠡᠶ᠃ ᠬᠤᠷᠠᠯ ᠠᠴᠠ ᠬᠤᠣᠰ ᠬᠤᠲᠠ‌ᠡᠭᠦᠳᠬᠦ ᠠᠵᠢᠯ ᠶᠢᠨ ᠲᠤᠯᠭᠠᠮ᠎ᠠ ᠴᠢᠨᠠᠷ᠂ ᠴᠢᠬᠡᠴᠢ ᠴᠢᠨᠠᠷ ᠪᠣᠯᠤᠨ ᠴᠢᠬᠤᠯᠠ ᠴᠢᠨᠠᠷ ᠢ ᠴᠢᠬᠤᠯᠠᠴᠢᠯᠠᠵᠤ᠂ ᠡᠯ᠎ᠡ ᠰᠤᠷᠭᠠᠭᠤᠯᠢ ᠨᠠᠷᠢᠨ ᠬᠢᠨᠠᠮᠠᠭᠠᠶ ︽ᠦᠬᠠᠶ ᠬᠤᠲᠠ ᠶᠢᠨ ︿ᠬᠤᠣᠰ ᠬᠤᠲᠠ ᠬᠠᠮᠲᠤᠷᠠᠨ ᠡᠭᠦᠳᠬᠦ﹀᠎ ᠶᠢᠨ ᠲᠤᠬᠠᠶ ᠶᠢᠨ ᠭᠠᠵᠠᠷ ᠤᠨ ᠬᠡᠮᠵᠢᠨ ᠦᠨᠡᠯᠡᠵᠦ ᠬᠢᠨᠠᠨ ᠰᠢᠯᠭᠠᠬᠤ ᠪᠠᠷᠢᠮᠵᠢᠶ᠎ᠠ︾᠎ ᠲᠠᠢ ᠬᠠᠷᠢᠴᠠᠭᠤᠯᠵᠤ ᠪᠠᠶᠢᠭᠠᠤᠡ ᠥᠪᠡᠷ ᠢᠶᠠᠷ ᠪᠠᠶᠢᠴᠠᠭᠠᠬᠤ᠂ ᠬᠠᠷᠢᠯᠴᠠᠨ ᠪᠠᠶᠢᠴᠠᠭᠠᠬᠤ᠂ ᠲᠥᠪᠯᠡᠷᠡᠭᠦᠯᠦᠨ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠬᠤᠣᠰ ᠬᠤᠲᠠ ᠡᠭᠦᠳᠬᠦ ᠡᠯ᠎ᠡ ᠵᠤᠶᠢᠯ ᠤᠨ ᠠᠵᠢᠯ ᠢ ᠲᠡᠭᠦᠯᠳᠡᠷᠵᠢᠭᠦᠯᠵᠦ᠂ ᠬᠤᠣᠰ ᠬᠤᠲᠠ ᠡᠭᠦᠳᠬᠦ ᠲᠤᠭᠤᠶᠢᠯᠠᠩ ᠤᠨ ᠪᠠᠶᠢᠴᠠᠭᠠᠯᠲᠠ ᠶᠢ ᠤᠭᠲᠤᠵᠤ᠂ ᠮᠠᠨ ᠤ ᠬᠤᠲᠠ ᠶᠢᠨ ᠬᠤᠣᠰ ᠬᠤᠲᠠ ᠬᠠᠮᠲᠤᠷᠠᠨ ᠡᠭᠦᠳᠬᠦ ᠠᠵᠢᠯ ᠲᠤ ᠬᠦᠴᠤᠨ‌ᠡᠷᠭᠦᠬᠦ‌‍ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号