ᠬᠠᠶᠢᠷᠤᠪ ᠤᠨ ᠲᠣᠬᠤᠢ ᠲᠣᠭᠤᠷᠢᠭ ᠤᠨ 3 ᠪᠠᠭᠰᠢ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠰᠢᠨᠵᠢᠯᠡᠭᠡᠨ ᠤ ᠳᠠᠭᠠᠭᠤᠯᠤᠭᠴᠢ︾᠎ ᠶᠢᠨ ᠢᠷᠠᠭᠤ ᠠᠯᠳᠠᠷ ᠤᠨ ᠴᠣᠯᠠ ᠶᠢ ᠬᠦᠷᠲᠡᠪᠡ
ᠨᠡᠶᠢᠲᠡᠯᠡᠭᠰᠡᠨ ᠴᠠᠭ᠄
2019-10-17
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠰᠢᠨᠵᠢᠯᠡᠭᠡᠨ ᠤ ᠳᠠᠭᠠᠭᠤᠯᠤᠭᠴᠢ︾᠎ ᠶᠢ ᠰᠢᠯᠭᠠᠷᠠᠭᠤᠯᠤᠭᠰᠠᠨ ᠦᠷ᠎ᠡ ᠳ᠋ᠦᠩ ᠲᠣᠳᠣᠷᠠᠵᠤ᠂ ᠬᠠᠶᠢᠷᠤᠪ ᠤᠨ ᠲᠣᠬᠤᠢ ᠲᠣᠭᠤᠷᠢᠭ ᠤᠨ 3 ᠪᠠᠭᠰᠢ ᠲᠣᠰ ᠢᠷᠠᠭᠤ ᠠᠯᠳᠠᠷ ᠢ ᠬᠦᠷᠲᠡᠪᠡ᠃      ᠲᠣᠰ ᠤᠳᠠᠭᠠᠨ ᠤ ᠰᠢᠯᠭᠠᠷᠠᠭᠤᠯᠬᠤ ᠠᠵᠢᠯ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠭᠡᠨ ᠤ ᠳᠠᠭᠠᠭᠤᠯᠤᠭᠴᠢ ᠶᠢ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠰᠤᠷᠭᠠᠨ ᠪᠠᠭᠰᠢ ᠶᠢᠨ ᠵᠠᠬᠢᠳᠠᠯ︹ 2018︺110 ᠳ᠋ᠤᠭᠠᠷ ᠲᠣᠭᠠᠲᠤ︶᠎ ᠳᠤ ᠲᠣᠭᠲᠠᠭᠠᠭᠰᠠᠨ ᠰᠢᠯᠭᠠᠷᠠᠭᠤᠯᠬᠤ ᠨᠥᠬᠦᠴᠡᠯ᠂ ᠳᠡᠰ ᠳᠠᠷᠠᠭᠠᠯᠠᠯ ᠪᠠ ᠠᠷᠭ᠎ᠠ ᠶᠢ ᠴᠢᠩᠭ᠎ᠠ ᠵᠢᠷᠤᠮᠯᠠᠨ᠂ ᠰᠤᠷᠭᠠᠭᠤᠯᠢ᠂ ᠬᠤᠰᠢᠭᠤ ᠰᠢᠶᠠᠨ ︵ᠬᠤᠲᠠ ᠲᠣᠭᠤᠷᠢᠭ︶᠂ ᠠᠶᠢᠮᠠᠭ ᠬᠤᠲᠠ ᠱᠠᠲᠤ ᠳᠠᠷᠠᠭᠠᠯᠠᠨ ᠰᠢᠯᠭᠠᠷᠠᠭᠤᠯᠬᠤ᠂ ᠲᠠᠨᠢᠯᠴᠠᠭᠤᠯᠬᠤ᠂ ᠵᠠᠷᠯᠠᠨ ᠨᠡᠶᠢᠲᠡᠯᠡᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠪᠠᠷ ᠡᠯ᠎ᠡ ᠲᠤᠰᠬᠠᠶ ᠮᠡᠷᠭᠡᠵᠢᠯᠲᠡᠨ ᠤ ᠰᠢᠨᠵᠢᠯᠡᠭᠡᠨ ᠤ ᠳᠤᠭᠤᠶᠢᠯᠠᠩ ᠤᠨ ᠬᠢᠨᠠᠨ ᠲᠣᠭᠲᠠᠭᠠᠬᠤ᠂ ᠪᠠᠲᠤᠯᠠᠬᠤ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠶᠢ ᠬᠢᠨᠠᠨ ᠲᠣᠭᠲᠠᠭᠠᠬᠤ ᠺᠣᠮᠢᠰ ᠦᠨᠡᠯᠡᠨ ᠶᠠᠷᠢᠯᠴᠠᠵᠤ᠂ ᠪᠠᠲᠤᠯᠠᠬᠤ ᠶᠢᠨ ᠬᠠᠮᠲᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠵᠦ᠂ ᠱᠠᠲᠤ ᠱᠠᠲᠤ ᠪᠠᠷ ᠰᠢᠯᠢᠨ ᠰᠣᠩᠭᠤᠵᠤ᠂ ᠴᠢᠩᠭ᠎ᠠ ᠬᠢᠨᠠᠨ ᠲᠣᠭᠲᠠᠭᠠᠨ᠎ᠠ᠃ ᠡᠴᠦᠰ ᠲᠡᠭᠡᠨ ᠦᠬᠠᠶ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠯᠢᠶᠠᠩ ᠶᠠ ᠵᠢᠶᠦ᠋ᠨ᠂ ᠦᠬᠠᠶ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠧᠩ ᠯᠠᠨ ᠱᠤᠸᠠᠨ᠂ ᠬᠠᠶᠢᠷᠤᠪ ᠤᠨ ᠲᠣᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ ᠶᠢᠨ ᠶᠦᠨ ᠬᠤᠤ ᠯᠢ ᠰᠠᠶᠢᠨ ᠰᠠᠶᠢᠬᠠᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠭᠠᠷᠮᠠᠭᠠᠶ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠢᠶᠠᠷ ᠢᠷᠠᠭᠤ ᠠᠯᠳᠠᠷ ᠢ ᠣᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠠᠭᠰᠢ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠮᠠᠨ ᠤ ᠲᠤᠭᠤᠷᠢᠭ ᠲᠤ ᠢᠷᠠᠭᠤ ᠠᠯᠳᠠᠷ ᠣᠯᠭᠤᠵᠠᠶ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号