ᠱᠢ ᠴᠧᠩ ᠨᠡᠶᠢᠭᠡᠮ ᠲᠣᠭᠤᠷᠢᠭ ᠤᠨ ᠬᠢᠨ ︽ᠭᠡᠷᠡᠯ ᠰᠠᠴᠤᠷᠠᠩᠭᠤᠶ ᠰᠡᠭᠦᠳᠡᠷ ᠲᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ︾ ᠭᠤᠤᠯ ᠰᠡᠳᠦᠪᠲᠦ ᠦᠵᠡᠭᠦᠯᠦᠯᠭᠡ ᠡᠷᠬᠢᠯᠡᠪᠡ
ᠨᠡᠶᠢᠲᠡᠯᠡᠭᠰᠡᠨ ᠴᠠᠭ᠄
2019-10-17
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠢᠨ ᠲᠥᠯᠥᠭᠡ᠂ 10 ᠰᠠᠷ᠎ᠠ ᠶᠢᠨ 12᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠠᠢ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠢ ᠴᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠢ ᠴᠧᠩ ᠭᠡᠷᠡᠯ ᠵᠢᠷᠤᠭ ᠤᠨ ᠨᠡᠶᠢᠭᠡᠮᠯᠢᠭ᠂ ᠦᠬᠠᠶ ᠶᠢᠨ ᠠᠵᠢᠯ ᠮᠡᠷᠭᠡᠵᠢᠯ ‍ᠤᠨ‌‍ᠲ᠋ᠡᠭᠡᠳᠤ ᠰᠤᠷᠭᠠᠭᠤᠯᠢ ᠲᠠᠢ ᠬᠠᠮᠲᠤᠷᠠᠨ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ — ᠭᠡᠷᠡᠯ ᠰᠡᠭᠦᠳᠡᠷ ᠳᠣᠲᠣᠷᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ︾ ᠦᠵᠡᠰᠬᠦᠯᠡᠩ ᠡᠷᠬᠢᠯᠡᠭᠰᠡᠨ ᠪᠥᠭᠡᠳ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ᠂ ᠦᠬᠠᠶ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠦᠵᠡᠰᠬᠦᠯᠡᠩ ᠢ‌‍ᠲ᠋ᠣᠭᠤᠷᠢᠨ ᠦᠵᠡᠭᠦᠯᠪᠡ᠃      ᠠᠵᠢᠯᠯᠠᠭ᠎ᠠ ᠶᠢᠨ ᠠᠬᠤᠶ ᠲᠠᠯᠠᠪᠠᠢ ᠳᠤ᠂ ᠱᠢ ᠴᠧᠩ ᠨᠠᠰᠤᠲᠠᠶᠢᠴᠤᠳ ‍ᠤᠨ‌‍ᠭᠡᠷᠡᠯ ᠵᠢᠷᠤᠭ ᠤᠨ ᠨᠡᠶᠢᠭᠡᠮᠯᠢᠭ ᠤᠨ ᠠᠵᠢᠯᠲᠠᠳ ᠦᠵᠡᠰᠬᠦᠯᠡᠩ ᠲᠣᠭᠤᠷᠢᠨ ᠦᠵᠡᠭᠰᠡᠨ ᠨᠠᠮ ᠤᠨ ᠭᠡᠰᠢᠭᠦᠨ ᠣᠯᠠᠨ ᠲᠦᠮᠡᠨ ᠪᠣᠯᠤᠨ ᠪᠠᠭᠰᠢ ᠰᠤᠷᠤᠭᠴᠢᠳ ᠲᠤ ᠭᠡᠷᠡᠯ ᠵᠢᠷᠤᠭ ᠤᠨ ᠪᠦᠲᠦᠭᠡᠯ ᠨᠢᠭᠡᠪᠦᠷᠢ ᠶᠢᠨ ᠵᠣᠬᠢᠶᠠᠨ ᠪᠦᠲᠦᠭᠡᠬᠦ ᠣᠶᠢᠯᠠᠭᠠᠭᠳᠠᠬᠤᠨ᠂ ᠳᠦᠷᠰᠦ ᠪᠦᠲᠦᠭᠡᠬᠦ ᠤᠷ᠎ᠠ ᠮᠡᠷᠭᠡᠵᠢᠯ ᠵᠢᠴᠢ ᠢᠯᠡᠳᠬᠡᠬᠦ ᠶᠣᠭᠲᠠ ᠤᠳᠬ᠎ᠠ ᠰᠠᠨᠠᠭ᠎ᠠ ᠶᠢ ᠨᠠᠷᠢᠨ ᠨᠢᠮᠪᠠᠶ ᠶᠠᠷᠢᠵᠤ ᠥᠭᠴᠡᠶ᠃ ᠨᠡᠶᠢᠭᠡᠮ ᠲᠣᠭᠤᠷᠢᠭ ᠤᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠯᠢ ᠸᠧᠶ ᠰᠢᠶᠠᠨ᠄ ︽ᠮᠢᠨᠦ ᠥᠨᠥᠳᠥᠷ ᠤᠨ ᠣᠯᠵᠤ ᠦᠵᠡᠭᠰᠡᠨ ᠡᠳᠡᠭᠡᠷ ᠪᠦᠲᠦᠭᠡᠯ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢᠬᠢ ᠰᠢᠨ᠎ᠡ ᠳᠦᠷᠰᠦ ᠪᠠᠶᠢᠳᠠᠯ᠂ ᠠᠷᠠᠳ ᠣᠯᠠᠨ ᠤ ᠰᠢᠨ᠎ᠡ ᠠᠮᠢᠳᠤᠷᠠᠯ ᠢ ᠢᠯᠡᠷᠡᠭᠦᠯᠦᠭᠰᠡᠨ ᠪᠥᠭᠡᠳ ᠪᠠᠰᠠ ᠠᠷᠢᠭᠤᠨ ᠴᠢᠬᠡᠴᠢ ᠪᠠᠶᠢᠬᠤ ᠶᠢ ᠡᠷᠬᠢᠮᠯᠡᠬᠦ᠂ ᠲᠥᠪ ᠴᠢᠬᠡᠴᠢ ᠰᠤᠷᠲᠠᠯ ᠢ ᠡᠷᠬᠢᠮᠯᠡᠬᠦ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ ᠵᠣᠷᠢᠭ ᠰᠠᠨᠠᠭᠠᠨ ᠤ ᠠᠭᠤᠯᠤᠭᠳᠠᠬᠤᠨ ᠢ ᠢᠯᠡᠷᠡᠭᠦᠯᠦᠭᠰᠡᠨ ᠪᠠᠶᠢᠨ᠎ᠠ᠃ ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠣᠮᠣᠭᠰᠢᠬᠤ ᠶᠢᠨ ᠬᠠᠮᠲᠤ᠂ ᠪᠠᠰᠠ ︿ᠲᠥᠪ ᠰᠤᠷᠲᠠᠯ ᠢ ᠪᠠᠳᠠᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ﹀ ᠬᠤᠰᠢᠭᠤᠴᠢ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ᠃      ᠲᠣᠰ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠭᠦᠯᠦᠯᠭᠡ ᠶᠢᠨ ᠪᠦᠲᠦᠭᠡᠯ ᠤᠨ ᠭᠤᠤᠯ ᠰᠡᠳᠦᠪ ᠨᠢ ᠢᠯᠡ ᠲᠣᠳᠣ᠂ ᠴᠠᠭ ᠦᠶ᠎ᠡ ᠲᠠᠢ ᠤᠶᠢᠷᠠᠳᠤᠨ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ᠂ ᠲᠥᠪ ᠰᠤᠷᠲᠠᠯ ᠲᠥᠪ ᠴᠢᠬᠡᠴᠢ ᠪᠠᠶᠢᠬᠤ ᠭᠤᠤᠯ ᠵᠣᠷᠢᠯᠲᠠ ᠶᠢ ᠢᠯᠡᠷᠡᠭᠦᠯᠤᠭ᠍ᠰᠡᠨ ᠪᠠᠶᠢᠨ᠎ᠠ᠃ ᠦᠵᠡᠯ ᠰᠠᠨᠠᠭᠠᠴᠢ ᠴᠢᠨᠠᠷ᠂ ᠰᠤᠷᠭᠠᠨ ᠬᠥᠮᠦᠵᠢᠯ ᠤᠨ ᠴᠢᠨᠠᠷ᠂ ᠤᠷᠠᠯᠢᠭᠴᠢ ᠴᠢᠨᠠᠷ ᠢ ᠨᠢᠭᠡ ᠴᠣᠭᠴᠠᠵᠢᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠬᠦ ᠳᠤ ᠢᠳᠡᠪᠬᠢᠲᠡᠢ ᠠᠬᠢᠭᠤᠯᠬᠤ ᠤᠶᠢᠯᠡᠳᠤᠯ ᠦᠵᠡᠭᠦᠯᠪᠡ᠃
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号