ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠭᠤᠤᠯ ᠰᠡᠳᠦᠪᠲᠦ ᠰᠤᠷᠭᠠᠨ ᠬᠥᠮᠦᠵᠢᠯ ᠤᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-10-17
     ᠤᠶᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠣᠯᠠᠨ ᠲᠦᠮᠡᠨ ᠤ ᠪᠠᠶᠢᠳᠠᠯ ᠢ ᠣᠶᠢᠯᠠᠭᠠᠵᠤ᠂ ᠪᠦᠬᠦ ᠲᠤᠭᠤᠷᠢᠭ ᠤᠨ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ᠂ ᠠᠵᠢᠯ ᠣᠯᠭᠤᠯᠲᠠ ᠶᠢᠨ ᠪᠠᠶᠢᠳᠠᠯ ᠵᠡᠷᠭᠡ ᠲᠠᠯ᠎ᠠ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠪᠠ᠃
     ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠳᠡᠭᠡᠨ᠂ ᠶᠠᠳᠠᠭᠤ ᠬᠦᠴᠢᠷᠳᠡᠯᠲᠡᠶ ᠡᠷᠦᠬᠡ ᠳᠤ ᠬᠦᠷᠴᠦ᠂ ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠲᠤᠬᠠᠶᠢᠯᠠᠭᠰᠠᠨ ᠠᠵᠢᠯ ᠢ ᠭᠦᠢᠴᠠᠤᠡᠭᠡᠬᠦ ᠴᠣᠩᠬᠤᠪᠴᠢ ᠳᠤ ᠬᠦᠷᠴᠦ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠶᠢ ᠭᠤᠶᠤᠴᠢᠯᠠᠨ‌‍ᠭᠦ᠋ᠢᠴᠠᠤᠡᠭᠡᠬᠦ ᠶᠠᠪᠤᠴᠠ ᠶᠢ ᠣᠶᠢᠯᠠᠭᠠᠵᠤ᠂ ᠯᠢᠨ ᠶᠢᠨ ᠵᠡᠭᠡᠯᠢ ᠭᠤᠳᠤᠮᠵᠢ ᠶᠢᠨ ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠠᠶᠢᠴᠠᠭᠠᠨ ᠦᠵᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠬᠦᠷᠴᠦ ᠠᠵᠢᠯ ᠠᠯᠳᠠᠭᠰᠠᠳ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠭᠠᠭᠰᠠᠨ ᠪᠥᠭᠡᠳ ︽ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠲᠣᠭᠤᠷᠢᠭ ᠤᠨ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠠᠷᠭ᠎ᠠ︾᠎ ᠶᠢᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠰᠢᠢᠤᠡᠪᠤᠷᠢᠯᠡᠪᠡ᠃
     ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠪᠰᠤᠷᠤᠨ ᠲᠡᠳᠬᠦᠬᠦ ᠪᠠ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠰᠤᠳᠤᠯᠬᠤ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠶ︔ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠲᠥᠷᠦ ᠶᠢᠨ ᠪᠣᠳᠣᠯᠭ᠎ᠠ ᠶᠢ ᠨᠡᠪᠲᠡᠷᠬᠡᠶ ᠣᠶᠢᠯᠠᠭᠠᠵᠤ᠂ ᠭᠦᠨᠵᠡᠭᠡᠶ ᠣᠶᠢᠯᠠᠭᠠᠵᠤ᠂ ᠪᠠᠲᠤᠯᠠᠭ᠎ᠠ ᠶᠢᠨ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ᠠᠷᠠᠳ ᠲᠦᠮᠡᠨ ᠳᠤ ᠣᠯᠠᠨ ᠠᠷᠭ᠎ᠠ ᠵᠠᠮ ᠤᠨ ᠪᠠᠲᠤᠯᠠᠭ᠎ᠠ ᠬᠠᠩᠭᠠᠬᠤ ᠬᠡᠷᠡᠭᠲᠡᠶ︔ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠥᠷᠦ ᠶᠢᠨ ᠪᠣᠳᠣᠯᠭ᠎ᠠ ᠶᠢ ᠠᠷᠠᠳ ᠲᠦᠮᠡᠨ ᠤ ᠪᠡᠶ᠎ᠡ ᠳᠡᠭᠡᠷ᠎ᠡ ᠦᠨᠡᠨ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠤᠲᠠ ᠶᠢᠨ ᠲᠣᠭᠤᠷᠢᠭ ᠤᠨ ᠣᠨᠴᠠᠭᠠᠢ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠦᠨᠡᠨ ᠬᠦ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠣᠨᠴᠠᠭᠠᠢ ᠬᠦᠴᠢᠷᠳᠡᠯᠲᠡᠶ ᠣᠯᠠᠨ ᠲᠦᠮᠡᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠶ᠃    
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号