ᠦᠬᠠᠶ ᠬᠤᠲᠠ ᠶᠢᠨ ᠵᠠᠰᠠᠭ ᠤᠨ ᠣᠷᠳᠣᠨ ᠤ 2019 ᠤᠨ ᠤ ᠪᠦᠬᠦ ᠤᠯᠤᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ ᠨᠢᠭᠡᠳᠦᠯᠲᠡᠶ ᠳᠤ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ | ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ︽ᠬᠤᠣᠰ ᠡᠭᠦᠳᠦᠯᠲᠡ︾ ᠶᠢᠨ ᠠᠵᠢᠯ ᠢ ᠰᠠᠶᠢᠲᠤᠷ | ᠬᠢᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2019 ᠤᠨ | ᠤ 10 ᠰᠠᠷ᠎ᠠ ᠶᠢᠨ 12 ᠤᠨ ᠡᠳᠦᠷ ᠦᠬᠠᠶ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠠᠶᠢᠷᠤᠪ ᠤᠨ | ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠤᠤᠰ ᠬᠤᠲᠠ ᠶᠢ ᠬᠤᠯᠪᠣᠭᠠᠯᠠᠨ ᠡᠭᠦᠳᠬᠦ | ᠠᠵᠢᠯ ᠶᠢᠨ ᠬᠤᠷᠠᠯ ᠬᠤᠷᠠᠯᠳᠤᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠬᠠᠷᠢᠶ᠎ᠠ ᠳᠤᠮᠳᠠᠳᠤ ᠪᠠᠭ᠎ᠠ | ᠰᠤᠷᠭᠠᠭᠤᠯᠢ ᠶᠢᠨ ᠶᠤᠰᠤ ᠰᠤᠷᠲᠠᠬᠤᠨ ᠤ ᠬᠦᠮᠤᠵᠢᠯ ᠤᠨ ᠰᠤᠷᠭᠠᠭᠤᠯᠢ ᠶᠢᠨ ᠳᠡᠳ᠋ ᠵᠠᠬᠢᠷᠤᠯ ᠬᠤᠷᠠᠯ ᠳᠤ | ᠣᠷᠣᠯᠴᠠᠪᠠ᠃ | ᠬᠤᠷᠠᠯ ᠢ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ | ᠰᠢᠨ ᠶᠤᠸᠠᠢ ᠶᠢᠩ ᠨᠥᠬᠦᠷ ᠡᠷᠬᠢᠯᠡᠪᠡ᠃ ᠬᠤᠷᠠᠯ ᠳᠡᠭᠡᠷ᠎ᠡ ︽ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ | ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠬᠤ ᠠᠭᠤᠯᠭ᠎ᠠ︾᠂ | ︽ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠰᠢᠯᠭᠠᠨ | ᠦᠨᠡᠯᠡᠬᠦ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠠᠭᠤᠯᠭ᠎ᠠ︾ ᠶᠢᠨ ᠨᠠᠷᠢᠨ ᠵᠤᠶᠢᠯᠡᠰ ᠲᠤ ᠲᠠᠶᠢᠯᠤᠮᠵᠢ | ᠬᠢᠬᠦ ᠶᠢᠨ ᠬᠠᠮᠲᠤ ᠦᠬᠠᠶ ᠬᠤᠲᠠ ᠶᠢᠨ ᠬᠤᠣᠰ ᠬᠤᠲᠠ ᠡᠭᠦᠳᠦᠨ ᠪᠠᠶᠢᠭᠤᠯᠬᠤ ᠠᠵᠢᠯ ᠶᠢᠨ ᠠᠯᠪᠠᠨ ᠭᠡᠷ ᠠᠴᠠ | ᠡᠮᠦᠨᠡᠬᠢ ᠰᠢᠮᠳᠠᠭᠤᠯᠤᠨ ᠪᠠᠶᠢᠴᠠᠭᠠᠬᠤ ᠠᠵᠢᠯ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠰᠢᠮᠳᠠᠭᠤᠯᠤᠨ | ᠴᠡᠭᠴᠡᠯᠡᠨ ᠥᠭᠡᠷᠡᠴᠢᠯᠡᠵᠡᠶ᠃ ᠬᠤᠷᠠᠯ ᠠᠴᠠ ᠬᠤᠣᠰ ᠬᠤᠲᠠᠡᠭᠦᠳᠬᠦ ᠠᠵᠢᠯ ᠶᠢᠨ ᠲᠤᠯᠭᠠᠮ᠎ᠠ ᠴᠢᠨᠠᠷ᠂ ᠴᠢᠬᠡᠴᠢ | ᠴᠢᠨᠠᠷ ᠪᠣᠯᠤᠨ ᠴᠢᠬᠤᠯᠠ ᠴᠢᠨᠠᠷ ᠢ ᠴᠢᠬᠤᠯᠠᠴᠢᠯᠠᠵᠤ᠂ ᠡᠯ᠎ᠡ ᠰᠤᠷᠭᠠᠭᠤᠯᠢ ᠨᠠᠷᠢᠨ ᠬᠢᠨᠠᠮᠠᠭᠠᠶ ︽ᠦᠬᠠᠶ ᠬᠤᠲᠠ ᠶᠢᠨ | ︿ᠬᠤᠣᠰ ᠬᠤᠲᠠ ᠬᠠᠮᠲᠤᠷᠠᠨ ᠡᠭᠦᠳᠬᠦ﹀ ᠶᠢᠨ ᠲᠤᠬᠠᠶ ᠶᠢᠨ ᠭᠠᠵᠠᠷ ᠤᠨ ᠬᠡᠮᠵᠢᠨ ᠦᠨᠡᠯᠡᠵᠦ ᠬᠢᠨᠠᠨ ᠰᠢᠯᠭᠠᠬᠤ | ᠪᠠᠷᠢᠮᠵᠢᠶ᠎ᠠ︾ ᠲᠠᠢ ᠬᠠᠷᠢᠴᠠᠭᠤᠯᠵᠤ ᠪᠠᠶᠢᠭᠠᠤᠡ ᠥᠪᠡᠷ ᠢᠶᠠᠷ ᠪᠠᠶᠢᠴᠠᠭᠠᠬᠤ᠂ ᠬᠠᠷᠢᠯᠴᠠᠨ ᠪᠠᠶᠢᠴᠠᠭᠠᠬᠤ᠂ | ᠲᠥᠪᠯᠡᠷᠡᠭᠦᠯᠦᠨ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠬᠤᠣᠰ ᠬᠤᠲᠠ ᠡᠭᠦᠳᠬᠦ ᠡᠯ᠎ᠡ ᠵᠤᠶᠢᠯ ᠤᠨ | ᠠᠵᠢᠯ ᠢ ᠲᠡᠭᠦᠯᠳᠡᠷᠵᠢᠭᠦᠯᠵᠦ᠂ ᠬᠤᠣᠰ ᠬᠤᠲᠠ ᠡᠭᠦᠳᠬᠦ ᠲᠤᠭᠤᠶᠢᠯᠠᠩ ᠤᠨ ᠪᠠᠶᠢᠴᠠᠭᠠᠯᠲᠠ ᠶᠢ ᠤᠭᠲᠤᠵᠤ᠂ ᠮᠠᠨ ᠤ | ᠬᠤᠲᠠ ᠶᠢᠨ ᠬᠤᠣᠰ ᠬᠤᠲᠠ ᠬᠠᠮᠲᠤᠷᠠᠨ ᠡᠭᠦᠳᠬᠦ ᠠᠵᠢᠯ ᠲᠤ ᠬᠦᠴᠤᠨᠡᠷᠭᠦᠬᠦᠬᠡᠷᠡᠭᠲᠡᠶ ᠭᠡᠵᠦ ᠱᠠᠭᠠᠷᠳᠠᠪᠠ᠃ |