ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠳᠤᠮᠳᠠᠳᠤ ᠪᠠᠭ᠎ᠠ | ᠰᠤᠷᠭᠠᠭᠤᠯᠢ ᠶᠢᠨ ︽ᠰᠢᠨᠵᠢᠯᠡᠭᠡᠨ ᠤ ᠳᠠᠭᠠᠭᠤᠯᠤᠭᠴᠢ︾ ᠶᠢ ᠰᠢᠯᠭᠠᠷᠠᠭᠤᠯᠤᠭᠰᠠᠨ ᠦᠷ᠎ᠡ ᠳ᠋ᠦᠩ ᠲᠣᠳᠣᠷᠠᠵᠤ᠂ | ᠬᠠᠶᠢᠷᠤᠪ ᠤᠨ ᠲᠣᠬᠤᠢ ᠲᠣᠭᠤᠷᠢᠭ ᠤᠨ 3 ᠪᠠᠭᠰᠢ ᠲᠣᠰ ᠢᠷᠠᠭᠤ ᠠᠯᠳᠠᠷ ᠢ ᠬᠦᠷᠲᠡᠪᠡ᠃ | ᠲᠣᠰ ᠤᠳᠠᠭᠠᠨ ᠤ ᠰᠢᠯᠭᠠᠷᠠᠭᠤᠯᠬᠤ ᠠᠵᠢᠯ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠢᠨᠵᠢᠯᠡᠭᠡᠨ ᠤ ᠳᠠᠭᠠᠭᠤᠯᠤᠭᠴᠢ ᠶᠢ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ | ᠰᠤᠷᠭᠠᠨ ᠪᠠᠭᠰᠢ ᠶᠢᠨ ᠵᠠᠬᠢᠳᠠᠯ︹ 2018︺110 ᠳ᠋ᠤᠭᠠᠷ ᠲᠣᠭᠠᠲᠤ︶ ᠳᠤ ᠲᠣᠭᠲᠠᠭᠠᠭᠰᠠᠨ ᠰᠢᠯᠭᠠᠷᠠᠭᠤᠯᠬᠤ | ᠨᠥᠬᠦᠴᠡᠯ᠂ ᠳᠡᠰ ᠳᠠᠷᠠᠭᠠᠯᠠᠯ ᠪᠠ ᠠᠷᠭ᠎ᠠ ᠶᠢ ᠴᠢᠩᠭ᠎ᠠ ᠵᠢᠷᠤᠮᠯᠠᠨ᠂ ᠰᠤᠷᠭᠠᠭᠤᠯᠢ᠂ ᠬᠤᠰᠢᠭᠤ ᠰᠢᠶᠠᠨ ︵ᠬᠤᠲᠠ | ᠲᠣᠭᠤᠷᠢᠭ︶᠂ ᠠᠶᠢᠮᠠᠭ ᠬᠤᠲᠠ ᠱᠠᠲᠤ ᠳᠠᠷᠠᠭᠠᠯᠠᠨ ᠰᠢᠯᠭᠠᠷᠠᠭᠤᠯᠬᠤ᠂ ᠲᠠᠨᠢᠯᠴᠠᠭᠤᠯᠬᠤ᠂ ᠵᠠᠷᠯᠠᠨ ᠨᠡᠶᠢᠲᠡᠯᠡᠭᠰᠡᠨ | ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠭᠡᠨ ᠤ | ᠰᠠᠯᠠᠭ᠎ᠠ ᠶᠢᠨ ᠳᠠᠭᠠᠭᠤᠯᠤᠭᠴᠢ ᠪᠠᠷ ᠡᠯ᠎ᠡ ᠲᠤᠰᠬᠠᠶ ᠮᠡᠷᠭᠡᠵᠢᠯᠲᠡᠨ ᠤ ᠰᠢᠨᠵᠢᠯᠡᠭᠡᠨ ᠤ ᠳᠤᠭᠤᠶᠢᠯᠠᠩ ᠤᠨ ᠬᠢᠨᠠᠨ | ᠲᠣᠭᠲᠠᠭᠠᠬᠤ᠂ ᠪᠠᠲᠤᠯᠠᠬᠤ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ | ᠳᠠᠭᠠᠭᠤᠯᠤᠭᠴᠢ ᠶᠢ ᠬᠢᠨᠠᠨ ᠲᠣᠭᠲᠠᠭᠠᠬᠤ ᠺᠣᠮᠢᠰ ᠦᠨᠡᠯᠡᠨ ᠶᠠᠷᠢᠯᠴᠠᠵᠤ᠂ ᠪᠠᠲᠤᠯᠠᠬᠤ ᠶᠢᠨ ᠬᠠᠮᠲᠤ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠵᠦ᠂ ᠱᠠᠲᠤ | ᠱᠠᠲᠤ ᠪᠠᠷ ᠰᠢᠯᠢᠨ ᠰᠣᠩᠭᠤᠵᠤ᠂ ᠴᠢᠩᠭ᠎ᠠ ᠬᠢᠨᠠᠨ ᠲᠣᠭᠲᠠᠭᠠᠨ᠎ᠠ᠃ ᠡᠴᠦᠰ ᠲᠡᠭᠡᠨ ᠦᠬᠠᠶ ᠬᠤᠲᠠ ᠶᠢᠨ | ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠯᠢᠶᠠᠩ ᠶᠠ ᠵᠢᠶᠦ᠋ᠨ᠂ ᠦᠬᠠᠶ ᠬᠤᠲᠠ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠵᠧᠩ ᠯᠠᠨ ᠱᠤᠸᠠᠨ᠂ ᠬᠠᠶᠢᠷᠤᠪ ᠤᠨ ᠲᠣᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ | ᠰᠤᠷᠭᠠᠭᠤᠯᠢ ᠶᠢᠨ ᠶᠦᠨ ᠬᠤᠤ ᠯᠢ ᠰᠠᠶᠢᠨ ᠰᠠᠶᠢᠬᠠᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠭᠠᠷᠮᠠᠭᠠᠶ | ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠢᠶᠠᠷ ᠢᠷᠠᠭᠤ ᠠᠯᠳᠠᠷ ᠢ ᠣᠯᠵᠤ᠂ ᠬᠠᠶᠢᠷᠤᠪ ᠤᠨ ᠲᠣᠬᠤᠢ | ᠲᠣᠭᠤᠷᠢᠭ ᠤᠨ ᠪᠠᠭᠰᠢ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠮᠠᠨ ᠤ ᠲᠤᠭᠤᠷᠢᠭ ᠲᠤ ᠢᠷᠠᠭᠤ ᠠᠯᠳᠠᠷ | ᠣᠯᠭᠤᠵᠠᠶ᠃ |